ᠪᠠᠷᠠᠭᠤᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ︽ᠵᠢᠷ ᠤᠨ ᠭᠤᠤᠯ ᠭᠠᠴᠠᠭ᠎ᠠ︾ ᠬᠤᠨᠳᠠᠭᠠᠳᠤ ᠪᠦᠬᠦ ᠠᠶᠢᠮᠠᠭ ‍ᠤᠨ‌‍ᠬᠦ᠋ᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 31 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ︽ᠵᠢᠷ ᠤᠨ ᠭᠤᠤᠯ ᠭᠠᠴᠠᠭ᠎ᠠ︾ ᠬᠤᠨᠳᠠᠭᠠᠳᠤ ᠪᠦᠬᠦ ᠠᠶᠢᠮᠠᠭ ᠤᠨ ᠲᠡᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠡᠬᠢᠯᠡᠪᠡ᠃     ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠠᠬᠢᠭᠤᠯᠬᠤ ᠪᠠᠷ ᠵᠤᠷᠢᠯᠳᠠ ᠪᠤᠯᠭᠠᠭᠰᠠᠨ ᠲᠤᠰ ᠤᠳᠠᠭᠠᠨ ᠤ ᠤᠷᠤᠯᠳᠤᠭᠠᠨ ᠢ ᠪᠠᠷᠠᠭᠤᠨ ᠦᠵᠦᠮᠦᠴᠢᠨ ᠬᠤᠰᠢᠭᠤᠨ ᠤ ᠬᠦᠯ ᠪᠦᠮᠪᠦᠭᠡ ᠶᠢᠨ ᠨᠡᠶᠢᠭᠡᠮᠯᠢᠭ ᠭᠤᠤᠯᠯᠠᠨ ᠡᠷᠬᠢᠯᠡᠵᠦ᠂ ᠵᠢᠷ ᠤᠨ ᠭᠤᠤᠯ ᠪᠠᠯᠭᠠᠰᠤᠨ ᠤ ᠵᠢᠷ ᠤᠨ ᠭᠤᠤᠯ ᠭᠠᠴᠠᠭ᠎ᠠ ᠲᠠᠭᠠᠭᠠᠴᠢᠯᠠᠨ ᠡᠷᠬᠢᠯᠡᠵᠦ᠂ ᠭᠤᠷᠪᠠᠨ ᠡᠳᠦᠷ ᠤᠨ ᠬᠤᠭᠤᠴᠠᠭᠠᠨ ᠳᠤ ᠪᠠᠭ᠎ᠠ ᠲᠤᠭᠤᠶᠢᠯᠠᠩ ᠤᠨ ᠤᠷᠤᠯᠳᠤᠭᠠᠨ ᠪᠠ ᠰᠢᠭᠰᠢᠭᠡ ᠤᠷᠤᠯᠳᠤᠭᠠᠨ ᠤ ᠲᠦᠷᠢᠮ ᠢᠶᠠᠷ ᠶᠠᠪᠤᠭᠳᠠᠬᠤ ᠪᠤᠯᠤᠨ᠎ᠠ᠃     ᠤᠷᠤᠯᠳᠤᠭᠠᠨ ᠳᠤ ᠬᠦᠯᠦᠨ ᠪᠤᠶᠢᠷ ᠬᠤᠳᠠ᠂ ᠪᠠᠭᠠᠷᠢᠨ ᠪᠠᠷᠠᠭᠤᠨ ᠬᠤᠰᠢᠭᠤ᠂ ᠰᠢᠯᠢᠠᠬᠤᠳᠠ᠂ ᠰᠦᠨᠢᠳ ᠵᠡᠭᠦᠨ ᠬᠤᠰᠢᠭᠤ ᠵᠡᠷᠭᠡ ᠭᠠᠵᠠᠷ ᠤᠷᠤᠨ ᠤ 27 ᠬᠦᠯ ᠪᠦᠮᠪᠦᠭᠡᠨ ᠪᠠᠭ ᠤᠨ 200 ᠭᠠᠷᠤᠢ ᠲᠠᠮᠢᠷᠴᠢᠨ ᠤᠷᠤᠯᠴᠠᠵᠦ᠂ ᠡᠭᠦᠨ ᠳᠤ ᠮᠠᠨ ᠤ ᠬᠤᠰᠢᠭᠤᠨ ᠤ ᠪᠦᠮᠪᠦᠭᠡᠨ ᠪᠠᠭ᠋ᠠᠳᠠᠳ ᠤᠨ ᠪᠠᠶᠢᠭᠤᠯᠤᠭᠰᠠᠨ 13 ᠬᠦᠯ ᠪᠦᠮᠪᠦᠭᠡ  ᠶᠢᠨ ᠪᠠᠭ ᠤᠷᠤᠯᠴᠠᠨ ᠨᠤᠭᠤᠭᠠᠨ ᠲᠡᠪᠵᠢᠶᠡᠨ ᠳᠤ ᠤᠷ᠎ᠠ ᠰᠢᠨᠳᠠᠰᠦ ᠪᠠᠨ ᠰᠢᠯᠭᠠᠬᠤ ᠪᠠᠷ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号