ᠵᠢᠷ ᠤᠨ ᠭᠤᠤᠯ ᠪᠠᠯᠭᠠᠰᠤ ᠬᠤᠸᠠ ᠷᠦᠨ ᠴᠠᠬᠢᠯᠭᠠᠨ ᠬᠦᠴᠦᠨ ᠲᠠᠢ ᠬᠤᠯᠪᠤᠭᠠᠯᠠᠨ ᠪᠠᠴᠢᠮ ᠪᠠᠶᠢᠳᠠᠯ ᠢ ᠠᠷᠭᠠᠴᠠᠬᠤ  ᠶᠡᠷᠦᠩᠬᠡᠶᠢᠯᠡᠭᠰᠡᠨ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/6/3
     ᠦᠢᠷ᠎ᠡ ᠶᠢᠨ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠤᠯ ᠪᠠᠯᠭᠠᠰᠤ  ︽ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠨ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠴᠢᠭᠯᠡᠯᠲᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠬᠤᠸᠠ ᠷᠦᠨ ᠴᠠᠬᠢᠯᠭᠠᠨ ᠬᠦᠴᠦᠨ ᠲᠠᠢ ᠬᠠᠮᠲᠤᠷᠠᠵᠦ ᠨᠢᠭᠡ ᠤᠳᠠᠭᠠᠨ ᠤ ᠦᠶᠡᠷ ᠢ ᠰᠡᠷᠭᠡᠶᠢᠯᠡᠬᠦ᠂ ᠭᠠᠵᠠᠷ ᠬᠥᠳᠡᠯᠬᠦ ᠪᠠ ᠠᠭᠤᠯᠠᠨ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠶᠢ ᠥᠷᠨᠢᠭᠦᠯᠦᠭᠰᠡᠨ ᠪᠠᠶᠢᠨ᠎ᠠ᠃      ᠲᠣᠰ ᠤᠳᠠᠭᠠᠨ ᠤ ᠰᠣᠷᠢᠯᠲᠠ ᠨᠢ ᠰᠢᠷᠦᠭᠦᠨ ᠪᠣᠷᠣᠭᠠᠨ ᠲᠠᠢ ᠴᠠᠭ ᠠᠭᠤᠷ ᠤᠨ ᠪᠠᠶᠢᠳᠠᠯ ᠳᠣᠣᠷ᠎ᠠ᠂ ᠵᠢᠷ ᠤᠨ ᠭᠤᠣᠯ ᠤᠨ ᠤᠰᠤᠨ ᠴᠥᠭᠦᠷᠥᠮ ᠤᠨ ᠤᠰᠤᠨ ᠲᠦᠪᠰᠢᠨ ᠲᠦᠷᠭᠡᠨ ᠳᠡᠭᠡᠭᠰᠢᠯᠡᠵᠦ᠂ ᠡᠷᠬᠢᠨ ᠲᠣᠭᠤᠷᠢᠨ ᠤ ᠭᠠᠵᠠᠷ ᠦᠶᠡᠷ ᠤᠰᠤᠲᠤᠯ ᠤᠨ ᠭᠠᠮᠰᠢᠭ ᠪᠣᠯᠵᠤ᠂ ᠬᠤᠲᠠ ᠪᠠᠯᠭᠠᠰᠤᠨ ᠳᠤ ᠭᠡᠨᠡᠳᠲᠡ ᠭᠠᠵᠠᠷ ᠬᠥᠳᠡᠯᠬᠦ ᠪᠠ ᠠᠭᠤᠯᠠ ᠶᠡᠭᠦᠷᠡᠬᠦ ᠵᠡᠷᠭᠡ  ᠪᠤᠯᠤᠭᠰᠠᠨ ᠪᠠ ᠡᠬᠦᠨ ᠤ ᠤᠯᠠᠮ ᠢᠶᠠᠷ ᠠᠭᠤᠯᠠᠨ ᠦᠶᠡᠷ ᠡᠭᠦᠰᠬᠦ ᠵᠡᠷᠭᠡ ᠪᠠᠷ ᠳᠥᠰᠥᠭᠡᠯᠡᠨ ᠳᠠᠭᠤᠷᠢᠶᠠᠵᠤ ᠶᠠᠪᠤᠭᠳᠠᠭᠰᠠᠨ ᠪᠠᠶᠢᠨ᠎ᠠ᠃     ᠪᠦᠬᠦ᠋ᠢᠯᠡ ᠰᠣᠷᠢᠯᠲᠠ ᠶᠢᠨ ᠶᠠᠪᠤᠴᠠ ᠳᠤ ᠡᠯ᠎ᠡ ᠳᠤᠭᠤᠶᠢᠯᠠᠩ ᠨᠢ ᠨᠢᠭᠲᠠ ᠬᠠᠮᠵᠢᠯᠴᠠᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠶ ᠳᠠᠮᠵᠢᠭᠤᠯᠤᠨ᠂ ᠪᠠᠴᠢᠮ ᠪᠠᠶᠢᠳᠠᠯ ᠢ ᠰᠢᠨᠵᠢᠯᠡᠬᠦ ᠤᠬᠠᠭᠠᠨᠴᠢ ᠮᠦᠷᠳᠡᠬᠡᠨ ᠥᠨᠳᠥᠷ ᠪᠦᠲᠦᠮᠵᠢᠲᠡᠶ ᠰᠢᠢᠳᠪᠤᠷᠢᠯᠡᠭᠰᠡᠨ ᠪᠠᠶᠢᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤᠭᠤᠶᠢᠯᠠᠩ ᠨᠢ ᠴᠠᠭ ᠢᠮᠠᠭᠲᠠ ᠵᠠᠷᠯᠢᠭ ᠬᠦᠯᠢᠶᠡᠨ᠂ ᠰᠢᠷᠬᠠᠲᠤᠭᠰᠠᠨ ᠤᠯᠠᠨ ᠲᠦᠮᠡᠨ ᠳᠤ ᠡᠮ ᠡᠮᠨᠡᠯᠭᠡ ᠶᠢᠨ ᠠᠪᠤᠷᠠᠨ ᠲᠤᠰᠠᠯᠠᠯᠳᠠ  ᠶᠢ ᠴᠠᠭ ᠲᠤᠬᠠᠢ ᠳᠤᠨᠢ ᠬᠠᠩᠭᠠᠪᠠ᠃ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠨᠢ ᠡᠳ᠋ ᠪᠣᠳᠠᠰ ᠤᠨ ᠬᠠᠩᠭᠠᠯᠭ᠎ᠠ ᠪᠤᠯᠤᠨ ᠪᠡᠯᠡᠳᠬᠡᠯ ᠲᠥᠬᠦᠭᠡᠷᠦᠮᠵᠢ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠳᠤᠯᠠᠵᠠᠢ᠃ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠰᠣᠷᠢᠯᠲᠠ ᠪᠠᠷ  ᠳᠠᠮᠵᠢᠭᠤᠯᠤᠨ᠂ ᠵᠢᠷ ᠤᠨ ᠭᠤᠤᠯ ᠪᠠᠯᠭᠠᠰᠤ ᠪᠣᠯᠣᠨ ᠬᠤᠸᠠ ᠷᠦᠨ ᠴᠠᠬᠢᠯᠭᠠᠨ ᠬᠦᠴᠦᠨ ᠤ ᠬᠢᠨ  ᠪᠠᠶᠢᠭᠠᠯᠢ ᠶᠢᠨ ᠭᠠᠮᠰᠢᠭ ᠢ ᠠᠷᠭᠠᠴᠠᠬᠤ ᠲᠠᠯ᠎ᠠ ᠪᠠᠷ ᠬᠠᠮᠵᠢᠯᠴᠠᠨ ᠪᠠᠶᠢᠯᠳᠤᠬᠤ ᠴᠢᠳᠠᠪᠤᠷᠢ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠲᠦᠪᠰᠢᠨ ᠢᠶᠠᠨ ᠪᠦᠲᠦᠮᠵᠢᠲᠡᠶ ᠰᠢᠯᠭᠠᠨ ᠪᠠᠶᠢᠴᠠᠭᠠᠵᠤ᠂ ᠰᠣᠷᠢᠯᠲᠠ ᠳᠤ ᠣᠷᠣᠯᠴᠠᠭᠰᠠᠨ ᠪᠥᠬᠦ ᠬᠥᠮᠥᠰ ᠤᠨ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠪᠣᠯᠣᠨ ᠬᠠᠷᠢᠭᠤᠴᠠᠯᠭ᠎ᠠ ᠡᠭᠦᠷᠭᠡᠯᠡᠯ ᠢ ᠤᠯᠠᠮ ᠴᠢᠨᠠᠭᠰᠢᠳᠠ ᠴᠢᠩᠭᠠᠳᠬᠠᠵᠠᠢ᠃ ᠵᠢᠷ ᠤᠨ ᠭᠤᠤᠯ ᠪᠠᠯᠭᠠᠰᠤ ᠨᠢ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠨ᠂ ᠪᠠᠴᠢᠮ ᠪᠠᠶᠢᠳᠠᠯ ᠢ ᠠᠷᠭᠠᠴᠠᠬᠤ ᠲᠥᠰᠥᠪ ᠢᠶᠠᠨ ᠦᠷᠬᠦᠯᠵᠢᠯᠡᠨ ᠲᠡᠭᠦᠯᠳᠡᠷᠵᠢᠭᠦᠯᠵᠦ ᠂ ᠪᠠᠴᠢᠮ ᠪᠠᠶᠢᠳᠠᠯ ᠢ ᠠᠷᠭᠠᠴᠠᠬᠤ ᠡᠩᠨᠡᠭᠡᠨ ᠤ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠨ᠂ ᠡᠯ᠎ᠡ ᠲᠥᠷᠥᠯ  ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠤᠯᠠᠮ ᠨᠢᠬᠡ ᠠᠯᠬᠤᠮ ᠳᠡᠭᠡᠭᠰᠢᠯᠡᠭᠦᠯᠵᠦ᠂ ᠪᠥᠬᠦ ᠪᠠᠯᠭᠠᠰᠤᠨ ᠤ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠪᠤᠯᠤᠨ ᠨᠡᠶᠢᠭᠡᠮ ᠤᠨ ᠲᠣᠭᠲᠠᠭᠤᠨ ᠬᠥᠭᠵᠢᠯᠲᠡ ᠶᠢ ᠪᠠᠳᠤᠯᠠᠨ ᠬᠠᠮᠠᠭᠠᠯᠠᠵᠤ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号