6 ᠰᠠᠷ᠎ᠠ ᠶᠢᠨ 27 ᠤ ᠡᠳᠦᠷ᠂ 2025 ᠣᠨ ᠤ ᠪᠥᠬᠦ ᠬᠤᠰᠢᠭᠤᠨ ᠤ ᠨᠠᠰᠤᠨ ᠳᠤ ᠥᠯᠥ | ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ | ᠬᠤᠷᠠᠯᠳᠣᠪᠠ᠃ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠯᠢ ᠰᠢᠤᠸᠠᠢ ᠶᠢᠩ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠬᠤᠰᠢᠭᠤ ᠳᠡᠳ᠋ ᠳᠠᠷᠤᠭ᠎ᠠ ᠮᠠᠷᠬᠡᠨᠳᠠᠯᠠᠢ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠰᠠᠷᠠᠨᠲᠤᠶᠠᠭ᠎ᠠ᠂ ᠪᠦᠭᠦ ᠬᠤᠰᠢᠭᠤᠨ ᠤ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ | ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ | ᠤᠳᠤᠷᠢᠳᠤᠯᠭ᠎ᠠ᠂ ᠡᠯ᠎ᠡ ᠰᠤᠮᠤ ︵ᠪᠠᠯᠭᠠᠰᠤ︶ ᠶᠢᠨ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠵᠢᠴᠢ ᠡᠯ᠎ᠡ | ᠳᠤᠮᠳᠠᠳᠤ ᠪᠠᠭ᠎ᠠ ᠰᠤᠷᠭᠠᠭᠤᠯᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ | ᠬᠤᠷᠠᠯ ᠠᠴᠠ ᠲᠥᠪ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠶᠢᠨ ᠠᠵᠢᠯ ᠳᠤ ᠲᠥᠷᠥ ᠶᠢᠨ ᠪᠣᠳᠣᠯᠭ᠎ᠠ ᠶᠢᠨ ᠴᠢᠭᠯᠡᠯ ᠢ ᠲᠣᠭᠲᠠᠭᠠᠨ ᠥᠭᠴᠡᠢ᠃ ᠳᠠᠷᠠᠭ᠎ᠠ ᠳᠤᠨᠢ᠂ | ᠪᠠᠶᠠᠨᠬᠤᠸᠡ ᠪᠠᠯᠭᠠᠰᠤ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠰᠣᠶᠣᠯ | ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ | ᠰᠤᠷᠭᠠᠭᠤᠯᠢ ᠵᠡᠷᠭᠡ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ ᠨᠢᠭᠡᠴᠡ ᠠᠴᠠ ᠰᠠᠨᠠᠯ ᠪᠤᠳᠣᠯ ᠢᠶᠠᠨ | ᠰᠣᠯᠢᠯᠴᠠᠨ᠂ ᠠᠵᠢᠯ ᠤᠨ ᠲᠤᠷᠰᠢᠯᠭ᠎ᠠ ᠪᠠ ᠲᠠᠷᠠᠭᠠᠴᠢ ᠶᠢᠨ ᠠᠯᠬᠤᠮ ᠤᠨ ᠲᠦᠰᠦᠪ ᠲᠦᠯᠤᠪᠯᠡᠯᠬᠡ ᠶᠢᠨ | ᠲᠤᠭᠤᠷᠢᠨ ᠳᠤ ᠶᠠᠷᠢᠯᠴᠠᠵᠡᠢ᠃ | ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠠᠰᠤᠨ ᠳᠤ ᠦᠯᠦ ᠬᠦᠷᠦᠭᠰᠡᠳ ᠤᠨ | ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠬᠤ | ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ | ᠤᠨᠢᠨ ᠳᠡᠭᠡᠷ᠎ᠡ ᠨᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠨᠠᠩ | ᠪᠦᠲᠦᠮᠵᠢᠲᠡᠶ ᠰᠤᠷᠭᠠᠨ ᠬᠥᠮᠦᠵᠢᠯ ᠤᠨ ᠠᠷᠭ᠎ᠠ ᠵᠠᠮ ᠪᠠ ᠵᠠᠭᠪᠤᠷ ᠢ ᠢᠳᠡᠪᠬᠢᠲᠡᠢ ᠰᠦᠪᠡᠭᠴᠢᠯᠠᠬᠦ ᠬᠡᠷᠡᠭᠳᠡᠢ ᠬᠡᠰᠡᠨ ᠤ | ᠬᠠᠮᠳᠣ᠂ ᠪᠥᠬᠦ ᠬᠤᠰᠢᠭᠤᠨ ᠤ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠠᠵᠢᠯ ᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃ | | |