6 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠣᠤ ᠯᠢᠨ ᠬᠤᠭᠤᠯᠠᠲᠤ ᠶᠢᠨ | ᠭᠤᠣᠯ ᠪᠠᠯᠭᠠᠰᠤᠨ ᠳᠤ ᠭᠦᠨᠵᠡᠭᠡᠶᠢᠷᠡᠨ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ | ᠣᠶᠢᠯᠠᠭᠠᠭᠰᠠᠨ ᠪᠥᠭᠡᠳ ᠦᠨᠳᠦᠰᠦᠨ ᠱᠠᠲᠤᠨ ᠤ ᠨᠠᠮ ᠤᠨ ᠭᠡᠰᠢᠭᠦᠨ᠂ ᠺᠠᠳ᠋ᠷᠴᠤᠳ ᠤᠨ ᠲᠥᠯᠥᠭᠡᠯᠡᠭᠴᠢᠳ ᠲᠤ | ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ | ᠬᠥᠮᠦᠵᠢᠯ ᠤᠨ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠸᠠᠩ ᠢᠦᠢ ᠴᠢ ᠨᠠᠷ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ | ᠪᠦᠦ ᠯᠢᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠶᠡᠷᠦᠩᠬᠡᠢ ᠱᠦᠵᠢ ᠰᠢ ᠶᠢᠨ ᠫᠢᠩ | ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠤᠯᠠᠨ ᠴᠢᠬᠤᠯᠠ ᠥᠭᠦᠯᠡᠯᠲᠡ | ᠨᠡᠶᠢᠲᠡᠯᠡᠵᠦ᠂ ᠶᠠᠭᠤᠨ ᠳᠤ ᠰᠢᠨ᠎ᠡ ᠪᠠᠶᠢᠳᠠᠯ ᠳᠣᠣᠷᠠᠬᠢ ᠰᠤᠷᠲᠠᠯ ᠤᠨ ᠪᠠᠶᠢᠭᠤᠯᠤᠯᠲᠠ ᠶᠢ ᠠᠳᠬᠤᠬᠤ᠂ ᠶᠠᠭᠤ ᠶᠢ | ᠭᠤᠣᠯ ᠠᠳᠬᠤᠬᠤ᠂ ᠬᠡᠷᠬᠢᠨ ᠠᠳᠬᠤᠬᠤ ᠵᠡᠷᠭᠡ ᠠᠰᠠᠭᠤᠯᠲᠠ ᠳᠤ ᠭᠦᠨᠵᠡᠭᠡᠢ ᠬᠠᠷᠢᠭᠤᠯᠲᠠ ᠥᠭᠴᠦ᠂ ᠰᠢᠨ᠎ᠡ ᠴᠠᠭ | ᠦᠶ᠎ᠡ ᠳᠤ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ | ᠪᠠ ᠦᠨᠳᠦᠰᠦᠨ ᠵᠢᠷᠤᠮᠯᠠᠯ ᠬᠠᠩᠭᠠᠵᠠᠢ᠃ ᠪᠣᠳᠠᠲᠠᠢ ᠠᠵᠢᠯ ᠤᠨ ᠳᠤᠮᠳᠠ᠂ ᠪᠢᠳᠡ ᠰᠢ ᠶᠢᠨ ᠫᠢᠩ ᠶᠡᠷᠦᠩᠬᠡᠢ ᠱᠦᠵᠢ | ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠨᠠᠷᠢᠨ ᠣᠶᠢᠯᠠᠭᠠᠵᠤ᠂ ᠮᠠᠨ ᠤ ᠬᠤᠰᠢᠭᠤᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ | ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠭᠦᠨᠵᠡᠭᠡᠢ ᠪᠠᠶᠢᠴᠠᠭᠠᠨ ᠦᠵᠡᠵᠦ᠂ ᠭᠤᠣᠯᠳᠠᠯᠭ᠎ᠠ ᠶᠢ ᠲᠣᠪᠤᠶᠢᠯᠭᠠᠨ | ᠰᠢᠰᠲ᠋ᠧᠮ ᠲᠠᠢ ᠵᠠᠰᠠᠨ᠂ ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠩᠬᠠᠷᠤᠯ | ᠢᠶᠠᠨ ᠲᠥᠪᠯᠡᠷᠡᠭᠦᠯᠦᠨ᠂ ᠠᠰᠠᠭᠤᠳᠠᠯ᠂ ᠪᠣᠳᠠᠲᠠᠢ ᠬᠦᠴᠢᠷᠳᠡᠯ ᠢ ᠲᠣᠪᠤᠶᠢᠯᠭᠠᠨ᠂ ᠳᠦᠷᠢᠮ᠂ ᠲᠣᠭᠲᠠᠴᠠ᠂ | ᠠᠵᠢᠯᠯᠠᠭ᠎ᠠ ᠶᠢᠨ ᠲᠠᠯ᠎ᠠ ᠠᠴᠠ ᠰᠤᠷᠲᠠᠯ ᠤᠨ ᠪᠠᠶᠢᠭᠤᠯᠤᠯᠲᠠ ᠶᠢ ᠰᠢᠰᠲ᠋ᠧᠮ ᠲᠠᠢ ᠪᠠᠷ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠪᠦᠦ ᠯᠢᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠲᠣᠰ ᠤᠳᠠᠭᠠᠨ ᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠴᠠᠭ | ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠡᠵᠡᠮᠰᠢᠨ᠂ ᠲᠥᠪ ᠬᠤᠷᠢᠶᠠᠨ ᠤ ᠨᠠᠢᠮᠠᠨ | ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠢᠯᠡᠷᠬᠡᠢ ᠦᠷ᠎ᠡ | ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ᠂ ︽ᠬᠡᠮ︾ ᠢ ᠥᠭᠡᠷᠡᠴᠢᠯᠡᠨ ᠰᠢᠨ᠎ᠡ ᠶᠢ ᠡᠭᠦᠳᠬᠦ ᠶᠢ ᠪᠡᠶᠡᠯᠡᠭᠦᠯᠵᠦ᠂ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠤᠨ | ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ | ᠬᠡᠷᠡᠭᠲᠡᠢ᠃ ᠭᠦᠨᠵᠡᠭᠡᠢ ᠰᠤᠷᠤᠯᠴᠠᠵᠤ ᠨᠢᠮᠪᠠᠢ ᠣᠶᠢᠯᠠᠭᠠᠬᠤ ᠳᠤᠮᠳᠠ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ | ᠳᠡᠭᠡᠭᠰᠢᠯᠡᠭᠦᠯᠵᠦ᠂ᠦᠨᠡᠨᠴᠢ ᠰᠢᠳᠤᠷᠭᠤ ᠪᠠᠷ ᠪᠣᠳᠠᠲᠠᠢ ᠠᠵᠢᠯᠯᠠᠬᠤ ᠳᠤᠮᠳᠠ ᠠᠷᠠᠳ ᠤᠨ ᠲᠥᠯᠥᠭᠡ ᠵᠢᠳᠬᠦᠬᠦ | ᠵᠣᠷᠢᠯᠲᠠ ᠪᠠᠨ ᠦᠢᠯᠡᠳᠦᠯᠭᠡᠵᠢᠭᠦᠯᠦᠨ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠳᠤᠮᠳᠠ ᠬᠠᠲᠠᠭᠤ | ᠳᠠᠭᠠᠭᠠᠮᠠᠭᠠᠢ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠥᠪᠡᠷ ᠢ ᠪᠠᠨ ᠪᠠᠶᠢᠴᠠᠭᠠᠨ ᠦᠵᠡᠬᠦ ᠳᠤᠮᠳᠠ ᠰᠠᠬᠢᠯᠭ᠎ᠠ | ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠩᠭ᠎ᠠ ᠪᠣᠳᠠᠲᠠᠢ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ | ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠶᠢᠨ ᠪᠠ ᠣᠷᠳᠣ ᠬᠤᠭᠤᠴᠠᠭᠠᠨ ᠤ ᠲᠤᠷᠰᠢ ᠪᠦᠲᠦᠮᠵᠢᠲᠡᠶ ᠪᠠᠶᠢᠬᠤ ᠶᠢ | ᠠᠬᠢᠭᠤᠯᠵᠤ᠂ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠰᠤᠮᠤ | ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠤᠰ ᠤᠳᠠᠭᠠᠨ ᠤ ᠰᠤᠷᠤᠯᠴᠠᠯᠭ᠎ᠠ ᠬᠥᠮᠦᠵᠢᠯ ᠢᠶᠠᠷ ᠠᠵᠠ | ᠲᠣᠬᠢᠶᠠᠯ ᠪᠣᠯᠭᠠᠨ᠂ ᠣᠳᠣᠬᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠪᠣᠯᠭᠠᠨ ᠲᠣᠭᠲᠠᠭᠰᠠᠨ ᠬᠠᠷᠠᠯᠲᠠ | ᠪᠠᠨ ᠲᠣᠭᠲᠠᠭᠠᠵᠤ᠂ ᠭᠠᠴᠠᠭᠠᠨ ᠤ ︵ᠨᠡᠶᠢᠭᠡᠮ ᠲᠣᠭᠤᠷᠢᠭ ᠤᠨ︶ ︽ᠬᠤᠶᠠᠷ ᠵᠥᠪᠯᠡᠯ︾ ᠤᠨ ᠪᠠᠭ ᠤᠨ | ᠬᠤᠭᠤᠴᠠᠭ᠎ᠠ ᠬᠠᠯᠠᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠵᠠᠰᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ | ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠶᠢᠭᠤᠯᠤᠨ᠂ | ᠦᠨᠳᠦᠰᠦᠲᠡᠨ ᠤ ᠪᠦᠯᠬᠦᠮᠳᠡᠯ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠵᠤ᠂ ᠰᠢᠯᠢᠳᠡᠭ ᠰᠠᠶᠢᠨ | ᠰᠤᠷᠲᠠᠯ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠪᠥᠬᠦ ᠬᠤᠰᠢᠭᠤ᠂ ᠪᠥᠬᠦ ᠠᠶᠢᠮᠠᠭ ᠴᠢᠨᠠᠭᠰᠢᠯᠠᠪᠠᠯ ᠪᠥᠬᠦ | ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠰᠢᠭᠤ ᠤᠳᠤᠷᠢᠳᠤᠯᠭ᠎ᠠ ᠶᠠᠨ ᡁᠢ ᠭᠦᠸᠧ᠂ ᠬᠤᠸᠠᠩ ᠯᠢ ᠺᠦᠨ ᠰᠤᠷᠤᠯᠴᠠᠯᠭ᠎ᠠ ᠳᠤ ᠣᠷᠣᠯᠴᠠᠪᠠ᠃ | |