ᠪᠠᠷᠠᠭᠤᠨ ᠦᠵᠦᠮᠦᠴᠢᠨ ᠬᠤᠰᠢᠭᠤ ᠨᠠᠮ ᠤᠨ ᠬᠤᠷᠢᠶᠠᠨ  ᠤ  ᠮᠠᠯᠵᠢᠬᠤ ᠲᠠᠷᠢᠶᠠᠯᠠᠬᠤ ᠣᠷᠣᠨ ᠤ ᠠᠵᠢᠯ  ᠤᠨ ᠤᠳᠤᠷᠢᠳᠬᠤ  ᠳᠤᠭᠤᠶᠢᠯᠠᠩ  ᠤᠨ2​025 ᠣᠨ ᠤ ᠳᠥᠷᠪᠡᠳᠦᠭᠡᠷ ᠤᠳᠠᠭᠠᠨ  ᠤ  ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/6/30
     6 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠳᠥᠷᠪᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠦ᠋ ᠵᠦ ᠬᠤᠷᠠᠯ ᠡᠷᠭᠢᠯᠠᠵᠤ᠂ ᠬᠤᠰᠢᠭᠤ ᠵᠠᠰᠠᠭ ᠤᠨ ᠣᠷᠳᠣᠨ ᠤ ᠲᠡᠳ᠋ ᠳᠠᠷᠤᠭ᠎ᠠ ᠷᠧᠨ ᠳ᠋ᠧ ᠰᠢᠨ ᠬᠤᠷᠠᠯ ᠳᠤ ᠣᠷᠣᠯᠴᠠᠪᠠ᠃ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠭᠤᠣᠯ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠠᠮᠢᠶᠠᠲᠠᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠬᠤᠷᠠᠯ ᠠᠴᠠ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠷᠠᠭᠤᠨ ᠦᠵᠦᠮᠦᠴᠢᠨ ᠬᠤᠰᠢᠭᠤᠨ ᠤ 2025 ᠣᠨ ᠤ ᠶᠠᠳᠠᠭᠤ ᠠᠴᠠ ᠠᠩᠭᠢᠵᠢᠷᠠᠭᠤᠯᠬᠤ ᠡᠷᠦᠬᠡ ︵ᠬᠡᠪ ᠤᠨ ᠶᠠᠳᠠᠭᠤ ᠠᠴᠠ ᠠᠩᠭᠢᠵᠢᠷᠠᠭᠤᠯᠬᠤ ᠡᠷᠦᠬᠡ︶᠂ ︽ᠬᠢᠨᠠᠨ ᠬᠡᠮᠵᠢᠬᠦ ᠡᠷᠦᠬᠡ ᠶᠢᠨ ᠬᠤᠷᠠᠭᠠᠨ ᠤ ᠭᠠᠷᠭᠠᠯᠲᠠ ᠶᠢᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ︽ᠪᠠᠷᠠᠭᠤᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ  ᠴᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︽ᠪᠠᠷᠠᠭᠤᠨ ᠦᠵᠦᠮᠦᠴᠢᠨ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠪᠠᠷᠠᠭᠤᠨ ᠦᠵᠦᠮᠦᠴᠢᠨ ᠬᠤᠰᠢᠭᠤᠨ ᠤ ᠮᠠᠯᠵᠢᠬᠤ ᠣᠷᠣᠨ ᠤ ᠡᠷᠡᠭᠦᠯ ᠬᠠᠮᠠᠭᠠᠯᠠᠯ ᠤᠨ ᠡᠷᠦᠬᠡ ᠶᠢᠨ ᠵᠣᠷᠯᠣᠩ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠪᠠᠷᠠᠭᠤᠨ ᠦᠵᠦᠮᠦᠴᠢᠨ ᠬᠤᠰᠢᠭᠤᠨ ᠤ ᠨᠡᠭᠡᠭᠡᠨ ᠬᠥᠭᠵᠢᠭᠦᠯᠬᠦ ᠰᠢᠤᠳᠠᠨ ᠤ ᠭᠠᠴᠠᠭ᠎ᠠ ᠲᠠᠰ ᠤᠨ ᠲᠦᠷᠭᠡᠨ ᠬᠦᠷᠭᠡᠭᠴᠢ ᠶᠢᠨ ᠠᠵᠢᠯ ᠤᠨ ᠪᠠᠶᠢᠷᠢ ᠶᠢᠨ ᠬᠡᠷᠡᠭᠵᠢᠭᠦᠯᠬᠦ ᠲᠥᠰᠥᠯ︾ ᠵᠡᠷᠭᠡ ᠶᠢ ᠬᠢᠨᠠᠨ ᠵᠦᠪᠯᠡᠪᠡ᠃     ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠰᠤᠮᠤ  ᠪᠠᠯᠭᠠᠰᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠭᠤᠣᠯ ᠡᠭᠦᠷᠭᠡ ᠪᠠᠨ ᠪᠣᠯᠭᠠᠵᠤ᠂ ︽ᠮᠠᠯ ᠠᠵᠤ ᠠᠬᠤᠢ ᠲᠠᠷᠢᠶᠠᠯᠠᠬᠤ ᠣᠷᠣᠨ︾  ᠤ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠷᠭ᠎ᠠ ᠬᠡᠯᠪᠡᠷᠢ ᠪᠠᠨ ᠰᠠᠶᠢᠵᠢᠷᠠᠭᠤᠯᠤᠨ ᠠᠵᠢᠯ ᠤᠨ ᠪᠣᠳᠠᠲᠤ ᠦᠷ᠎ᠡ ᠪᠦᠲᠦᠮᠵᠢ ᠪᠠᠨ  ᠲᠡᠭᠡᠭᠰᠢᠯᠡᠬᠦᠯᠦᠨ᠂ ᠠᠵᠢᠯ ᠤᠨ ᠰᠤᠷᠲᠠᠯ ᠢᠶᠠᠨ ᠬᠤᠪᠢᠷᠠᠭᠤᠯᠤᠨ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠢᠨ᠎ᠡ ᠴᠠᠭ ᠦᠶ᠎ᠡ ᠶᠢᠨ ︽ᠮᠠᠯᠵᠢᠬᠤ ᠲᠠᠷᠢᠶᠠᠯᠠᠬᠤ ᠣᠷᠣᠨ︾ ᠤ ᠠᠵᠢᠯ ᠤᠨ ᠦᠨᠳᠦᠰᠦᠨ ᠪᠠᠲᠤᠯᠠᠭ᠎ᠠ ᠶᠢ ᠪᠠᠲᠤ ᠴᠣᠭᠴᠠᠯᠠᠬᠤ ᠬᠡᠷᠡᠭᠲᠡᠢ᠃ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ ᠲᠣᠭᠲᠠᠭᠠᠵᠤ᠂ ᠬᠥᠳᠡᠯᠦᠩᠭᠦᠢ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠠᠪᠤᠳᠠᠯ ᠦᠯᠦ ᠭᠠᠷᠬᠤ ᠬᠤᠷᠢᠭ᠎ᠠ ᠱᠤᠭᠤᠮ ᠢ ᠪᠠᠲᠤ ᠰᠠᠬᠢᠵᠤ᠂ ᠮᠠᠯᠵᠢᠬᠤ ᠣᠷᠣᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠮᠠᠯ ᠠᠵᠤ ᠠᠬᠤᠢ ᠬᠥᠳᠡᠭᠡ ᠲᠣᠰᠬᠤᠨ ᠮᠠᠯᠵᠢᠯ︾ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠵᠠᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号