︽ᠠᠵᠤ ᠠᠬᠤᠶᠢᠯᠠᠯ ᠨᠠᠮ ᠤᠨ ᠡᠭᠦᠷ︾ ᠬᠤᠯᠪᠤᠭᠠᠯᠠᠨ ᠭᠠᠮᠰᠢᠭᠳᠠᠭᠰᠠᠨ ᠰᠠᠭᠤᠭᠠᠯᠢ  ᠠᠷᠠᠳ ᠲᠤ ᠦᠨ᠎ᠡ  ᠲᠥᠯᠥᠪᠦᠷᠢ  ᠦᠭᠡᠢ ᠪᠠᠷ ᠰᠢᠨ᠎ᠡ  ᠴᠣᠩᠬᠤ  ᠰᠣᠯᠢᠵᠤ ᠥᠭᠪᠡ
ᠨᠡᠶᠢᠲᠡᠯᠡᠭᠰᠡᠨ ᠴᠠᠭ᠄
2025/6/30
     ᠣᠶᠢᠷ᠎ᠠ ᠶᠢᠨ ᠡᠳᠦᠷ᠂ ᠪᠠᠶᠠᠨᠬᠤᠰᠢᠭᠤ ᠨᠡᠶᠢᠭᠡᠮ ᠲᠣᠭᠤᠷᠢᠭ ᠤᠨ ᠨᠢᠭᠡ ᠬᠦᠴᠢᠷᠳᠡᠯᠲᠡᠢ ᠰᠠᠭᠤᠭᠠᠯᠢ ᠠᠷᠠᠳ ᠤᠨ ᠭᠡᠷ  ᠲᠤ ᠭᠡᠨᠡᠳᠲᠡ ᠭᠠᠯ ᠭᠠᠷᠴᠤ᠂ ᠡᠭᠦᠳᠡ ᠴᠣᠩᠬᠤ ᠨᠢ ᠬᠦᠨᠳᠦ ᠨᠣᠴᠢᠲᠠᠢ ᠡᠪᠳᠡᠭᠳᠡᠵᠡᠢ᠃ ᠡᠨᠡ ᠬᠦ ᠪᠠᠶᠢᠳᠠᠯ ᠢ ᠮᠡᠳᠡᠭᠰᠡᠨ ᠤ ᠳᠠᠷᠠᠭ᠎ᠠ᠂ ᠪᠠᠶᠠᠨᠬᠤᠰᠢᠭᠤ ᠨᠡᠶᠢᠭᠡᠮ ᠲᠣᠭᠤᠷᠢᠭ ᠢ ᠳᠠᠭᠠᠭᠠᠴᠢᠯᠠᠨ ᠬᠤᠯᠪᠣᠭᠠᠯᠠᠵᠤ ᠪᠠᠶᠢᠭ᠎ᠠ ᠨᠢᠭᠡᠴᠡ ᠪᠣᠯᠬᠤ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠡᠭᠦᠷ ᠨᠢ ᠳᠠᠷᠤᠶᠢᠬᠠᠨ ︽ᠴᠣᠤ ᠶᠤᠸᠠᠢ︾ ᠡᠭᠦᠳᠡ ᠴᠣᠩᠬᠤᠨ ᠤ ᠠᠵᠤ ᠠᠬᠤᠶᠢᠯᠠᠯ ᠲᠠᠢ ᠬᠠᠮᠵᠢᠯᠴᠠᠨ᠂ ᠰᠠᠭᠤᠭᠠᠯᠢ ᠠᠷᠠᠳ ᠲᠤ ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠴᠣᠩᠬᠤᠨ ᠰᠢᠯ᠂ ᠴᠣᠩᠬᠤᠨ ᠤ ᠬᠦᠷᠢᠶ᠎ᠡ ᠵᠡᠷᠭᠡ ᠶᠢ ᠬᠦᠷᠭᠡᠵᠦ᠂ ᠡᠪᠳᠡᠷᠡᠵᠦ ᠰᠦᠢᠳᠦᠭᠰᠡᠨ ᠴᠣᠩᠬᠤ ᠶᠢ ᠨᠢ ᠦᠨ᠎ᠡ ᠲᠥᠯᠥᠪᠦᠷᠢ ᠦᠭᠡᠢ ᠪᠠᠷ ᠰᠣᠯᠢᠵᠤ ᠥᠭᠴᠡᠢ᠃     ᠬᠠᠭᠠᠰ ᠡᠳᠦᠷ ᠤᠨ ᠠᠵᠢᠯ ᠢᠶᠠᠷ ᠳᠠᠮᠵᠢᠨ ᠡᠪᠳᠡᠷᠡᠵᠦ ᠰᠦᠢᠳᠦᠭᠰᠡᠨ ᠴᠣᠩᠬᠤ ᠨᠢ ᠴᠣ ᠰᠢᠨ᠎ᠡ ᠳᠦᠷᠬᠦ ᠲᠠᠢ ᠪᠣᠯᠣᠭᠰᠠᠨ ᠢ ᠬᠠᠷᠠᠭᠠᠳ ᠰᠠᠭᠤᠭᠠᠯᠢ ᠠᠷᠠᠳ ᠰᠡᠳᠬᠢᠯ ᠳᠣᠭᠳᠣᠯᠤᠨ᠄ ︽ᠦᠨᠡᠬᠡᠷ ᠲᠠᠯᠠᠷᠬᠠᠯ᠎ᠠ᠂ ᠡᠶᠢᠮᠦ ᠲᠦᠷᠭᠡᠨ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠨ᠎ᠡ ᠭᠡᠵᠦ ᠰᠠᠨᠠᠭᠠᠨ ᠳᠤ ᠪᠠᠶᠢᠭᠰᠠᠨ ᠦᠭᠡᠢ︾ ᠭᠡᠵᠦ ᠪᠠᠶᠢᠯ᠎ᠠ᠃ ︽ᠴᠣᠣ ᠶᠤᠸᠠᠢ︾ ᠡᠭᠦᠳᠡ ᠴᠣᠩᠬᠤᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠄ ︽ᠡᠭᠦᠳᠡ ᠴᠣᠩᠬᠤᠨ ᠤ ᠠᠵᠤ ᠠᠬᠤᠶᠢᠯᠠᠯ ᠪᠣᠯᠣᠭᠰᠠᠨ ᠤ ᠬᠤᠪᠢ ᠳᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ ᠣᠯᠠᠨ ᠲᠦᠮᠡᠨ ᠤ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠪᠣᠯ ᠪᠢᠳᠡᠨ ᠤ ᠭᠦᠢᠴᠡᠳᠬᠡᠪᠡᠰᠦ ᠵᠣᠬᠢᠬᠤ ᠨᠡᠶᠢᠭᠡᠮ ᠤᠨ ᠬᠠᠷᠢᠭᠤᠴᠠᠯᠭ᠎ᠠ ᠮᠥᠨ᠂ ᠴᠣᠩᠬᠤ ᠰᠣᠯᠢᠬᠤ ᠨᠢ ᠬᠡᠳᠦᠶᠢᠪᠡᠷ ᠪᠠᠭ᠎ᠠ ᠶᠠᠪᠤᠳᠠᠯ ᠪᠣᠯᠪᠠᠴᠤ ᠡᠨᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠢ ᠦᠨᠡᠨ ᠬᠦ ᠬᠠᠪᠰᠤᠷᠴᠤ ᠳᠡᠶᠢᠯᠬᠦ ᠨᠢ ᠪᠢᠳᠡᠨ ᠳᠤ ᠠᠪᠴᠤ ᠬᠡᠯᠡᠪᠡᠯ ᠮᠠᠰᠢ ᠠᠭᠤᠯᠭ᠎ᠠ ᠲᠠᠢ ᠶᠤᠮ︾ ᠭᠡᠵᠡᠢ᠃     ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠪᠠᠶᠠᠨᠬᠤᠰᠢᠭᠤ ᠨᠡᠶᠢᠭᠡᠮ ᠲᠣᠭᠤᠷᠢᠭ ᠪᠣᠯᠣᠨ ᠲᠤᠰᠠᠯᠠᠮᠵᠢ ᠭᠥᠷᠳᠡᠭᠰᠡᠨ ᠰᠠᠭᠤᠭᠠᠯᠢ ᠠᠷᠠᠳ ᠠᠴᠠ ᠬᠠᠯᠠᠮᠵᠢᠯᠠᠨ ᠲᠤᠰᠠᠯᠠᠭᠰᠠᠨ ᠠᠵᠤ ᠠᠬᠤᠶᠢᠯᠠᠯ ᠳᠤ ᠬᠡᠮᠡᠷᠯᠢᠭ ᠲᠤᠭ ᠬᠦᠷᠭᠡᠵᠦ ᠪᠠᠶᠠᠷᠯᠠᠨ ᠲᠠᠯᠠᠷᠬᠠᠭᠰᠠᠨ ᠰᠡᠳᠬᠢᠯ ᠢᠶᠠᠨ ᠢᠯᠡᠳᠬᠡᠵᠡᠢ᠃     ᠲᠣᠰ ᠤᠳᠠᠭᠠᠨ ᠤ ᠬᠠᠪᠰᠤᠷᠤᠨ ᠲᠡᠳᠬᠦᠬᠦ ᠠᠵᠢᠯᠯᠠᠭ᠎ᠠ ᠪᠣᠯ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠡᠭᠦᠷ ᠪᠠ ᠪᠠᠶᠠᠨᠬᠤᠰᠢᠭᠤ ᠨᠡᠶᠢᠭᠡᠮ ᠲᠣᠭᠤᠷᠢᠭ ᠤᠨ ︽ᠨᠢᠭᠡ ᠡᠷᠦᠬᠡ ᠨᠢᠭᠡ ᠠᠵᠤ ᠠᠬᠤᠶᠢᠯᠠᠯ ᠨᠢᠭᠡ ᠨᠠᠮ ᠤᠨ ᠡᠭᠦᠷ︾ ᠤᠨ ᠠᠵᠢᠯᠯᠠᠭ᠎ᠠ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠬᠠᠩᠭᠠᠬᠤ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠨᠡᠩ ᠴᠤ ᠨᠠᠮ ᠪᠣᠯᠣᠨ ᠵᠠᠰᠠᠭ ᠤᠨ ᠣᠷᠳᠣᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠨᠠᠮ ᠤᠨ ᠡᠭᠦᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠪᠣᠯᠣᠭᠰᠠᠨ ᠤ ᠬᠤᠪᠢ  ᠳᠤ ᠨᠡᠶᠢᠭᠡᠮ ᠲᠣᠭᠤᠷᠢᠭ ᠯᠤᠭ᠎ᠠ ᠬᠠᠮᠲᠤᠪᠠᠷ ᠪᠠᠶᠢᠭᠤᠯᠬᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠦᠢᠯᠡᠴᠢᠯᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠳᠤᠮᠳᠠ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ  ᠤᠨ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠨ᠎ᠡ ᠭᠡᠵᠡᠢ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号