ᠰᠤᠷᠪᠤᠯᠵᠢᠯᠠᠭᠴᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠰᠣᠯ ᠲᠣᠭᠤᠷᠢᠭ ᠤᠨ ︽ᠡᠷᠡᠭᠦᠯ ᠡᠩᠬᠡ ᠭᠡᠷ | ᠣᠷᠣᠨ︾ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠷᠳᠡᠭᠡ ᠳᠤ ᠬᠦᠷᠬᠦ ᠳᠤ ᠪᠠᠢ ᠪᠠᠭᠰᠢ ᠶᠠᠭ ᠰᠠᠶᠢᠬᠠᠨ ᠡᠪᠡᠳᠴᠢᠲᠡᠨ | ᠳᠤ ᠭᠠᠷ ᠣᠷᠠᠯᠠᠯ ᠬᠢᠬᠦ ᠶᠢ ᠨᠠᠷᠢᠨ ᠨᠢᠮᠪᠠᠢ ᠵᠢᠯᠣᠭᠤᠳᠴᠣ ᠪᠠᠶᠢᠪᠠ᠃ ᠡᠨᠡᠬᠦ ᠬᠠᠯᠠᠭᠤᠨ ᠲᠤᠳᠤᠨᠤ ᠦᠵᠡᠭᠳᠡᠯ ᠨᠢ ᠪᠠᠷᠠᠭᠤᠨ | ᠦᠵᠦᠮᠦᠴᠢᠨ ᠬᠤᠰᠢᠭᠤᠨ ᠤ ︽ᠵᠢᠩ ᠺᠠᠩ ᠠᠭᠤᠰᠤᠯᠴᠠᠭᠰᠠᠨ ᠠᠵᠢᠯᠯᠠᠭ᠎ᠠ︾ ᠶᠢᠨ ᠣᠶᠣᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠳᠤ ᠠᠮᠢᠳᠤᠷᠠᠯ ᠤᠨ ᠬᠦᠰᠡᠯ ᠡᠷᠡᠮᠡᠯᠵᠡᠯ ᠢ ᠤᠯᠭᠤᠵᠤ ᠪᠠᠶᠢᠭ᠎ᠠ ᠶᠢ ᠬᠠᠷᠠᠭᠤᠯᠤᠭᠰᠠᠨ ᠵᠢᠷᠤᠭᠯᠠᠯ ᠪᠣᠯᠣᠨ᠎ᠠ᠃ | ︽ᠵᠢᠩ ᠺᠠᠩ ᠠᠭᠤᠰᠤᠯᠴᠠᠭᠰᠠᠨ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠦᠵᠦᠮᠦᠴᠢᠨ ᠬᠤᠰᠢᠭᠤᠨ | ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠭᠤᠷᠪᠠᠨ ᠵᠢᠯ ᠳᠤ ᠪᠥᠬᠦ ᠬᠤᠰᠢᠭᠤᠨ ᠤ ᠲᠠᠩᠰᠠᠯᠠᠭᠤᠯᠤᠭᠰᠠᠨ ᠡᠷᠡᠭᠦᠯᠵᠢᠭᠦᠯᠬᠦ | ᠡᠲᠡᠭᠡᠳ ᠤᠨ ᠵᠢᠷᠤᠮᠵᠢᠭᠰᠠᠨ ᠦᠢᠯᠡᠴᠢᠯᠡᠭᠡᠨ ᠤ ᠨᠣᠷᠮ᠎ᠠ ᠶᠢ 60% ᠠᠴᠠ ᠳᠡᠭᠡᠭᠰᠢ ᠬᠦᠷᠲᠡᠯ᠎ᠡ ᠲᠡᠭᠡᠭᠰᠢᠯᠡᠬᠦᠯᠬᠦ | ᠬᠠᠷᠠᠯᠳᠠ ᠳᠠᠭᠠᠨ ᠬᠦᠷᠭᠡᠬᠦ ᠪᠠᠷ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠤᠳᠠᠢ ᠠᠬᠢᠭᠤᠯᠵᠤ ᠪᠠᠶᠢᠨ᠎ᠠ᠃ | ᠤᠯᠠᠨ ᠰᠠᠯᠠᠭ᠎ᠠ ᠮᠥᠴᠢᠷ ᠬᠠᠮᠵᠢᠯᠴᠠᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠪᠡ᠃ 2024 ᠣᠨ ᠠᠴᠠ | ᠡᠬᠢᠯᠡᠨ᠂ ᠪᠠᠷᠠᠭᠤᠨ ᠦᠵᠦᠮᠦᠴᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠡᠷᠡᠭᠦᠯ ᠬᠠᠮᠠᠭᠠᠯᠠᠯ᠂ | ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽ᠲᠦᠷᠦ ᠶᠢᠨ ᠪᠣᠳᠣᠯᠭ᠎ᠠ ᠶᠢ ᠬᠠᠮᠲᠤᠪᠠᠷ | ᠵᠥᠪᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠠᠵᠢᠯ ᠲᠦᠷᠦᠯ ᠢ ᠬᠠᠮᠲᠤᠪᠠᠷ ᠠᠬᠢᠭᠤᠯᠬᠤ︾ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠪᠠ᠃ ᠠᠵᠢᠯ ᠤᠨ ᠲᠤᠰᠬᠠᠢ ᠲᠥᠰᠥᠯ ᠲᠣᠭᠲᠠᠭᠠᠵᠤ᠂ ᠲᠤᠰᠬᠠᠢ ᠠᠩᠭᠢ ᠪᠠᠶᠢᠭᠤᠯᠤᠨ᠂ | ᠪᠣᠷᠣᠲᠣᠯᠣᠭᠠᠢ᠂ ᠪᠠᠶᠠᠨᠭᠤᠣᠯ ᠨᠡᠶᠢᠭᠡᠮ ᠲᠣᠭᠤᠷᠢᠭ ᠲᠤ 2 ᠪᠠᠷᠢᠮᠵᠢᠶᠠᠵᠢᠭᠰᠠᠨ ︽ᠡᠷᠡᠭᠦᠯ ᠡᠩᠬᠡ ᠭᠡᠷ ᠣᠷᠣᠨ︾ ᠨᠡᠶᠢᠭᠡᠮ | ᠲᠣᠭᠤᠷᠢᠭ ᠤᠨ ᠡᠷᠡᠭᠦᠯᠵᠢᠯ ᠤᠨ ᠦᠷᠳᠡᠭᠡ ᠶᠢ ᠪᠠᠶᠢᠭᠤᠯᠵᠤ᠂ ᠪᠡᠯᠡᠳᠭᠡᠯ ᠲᠥᠬᠦᠭᠡᠷᠦᠮᠵᠢ᠂ ᠲᠤᠰᠬᠠᠢ ᠮᠡᠷᠭᠡᠵᠢᠯ ᠤᠨ | ᠠᠵᠢᠯᠲᠠᠨ ᠵᠢᠴᠢ ᠬᠠᠮᠢᠶᠠᠷᠤᠯᠲᠠ ᠶᠢᠨ ᠳᠦᠷᠢᠮ ᠢ ᠪᠦᠷᠢᠨ ᠲᠡᠭᠦᠯᠳᠡᠷᠵᠢᠭᠦᠯᠪᠡ᠃ ᠡᠭᠦᠨ ᠤ ᠬᠠᠮᠲᠤ᠂ 4 ᠤᠳᠠᠭᠠᠨ ᠤ | ᠲᠤᠰᠬᠠᠢ ᠰᠡᠳᠦᠪᠲᠦ ᠬᠤᠷᠠᠯ ᠢ ᠡᠷᠬᠢᠯᠡᠨ ᠡᠯ᠎ᠡ ᠰᠠᠯᠠᠭ᠎ᠠ ᠮᠥᠴᠢᠷ ᠤᠨ ᠬᠤᠭᠤᠷᠤᠨᠳᠤᠬᠢ ᠬᠠᠮᠵᠢᠯᠴᠠᠭ᠎ᠠ ᠶᠢ ᠨᠢᠭᠲᠠᠷᠠᠭᠤᠯᠤᠨ | ᠂ 40 ᠲᠦᠮᠡᠨ ᠲᠥᠭᠦᠷᠢᠭ ᠤᠨ ᠥᠪᠡᠷᠲᠡᠭᠡᠨ ᠵᠠᠰᠠᠬᠤ ᠣᠷᠣᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ | ᠶᠢᠨ ᠮᠥᠩᠭᠦ ᠶᠢ ᠤᠯᠬᠤ ᠶᠢᠨ ᠬᠠᠮᠳᠤ 2 ᠲᠤᠰᠬᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠵᠤ᠂ | ᠡᠷᠡᠭᠦᠯ ᠮᠡᠨᠳᠦ ᠶᠢᠨ ᠦᠢᠯᠡᠴᠢᠯᠡᠭᠡ ᠳᠤ ᠯᠤᠳᠤ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠤᠨᠢᠨ ᠳᠡᠭᠡᠷ᠎ᠡ ᠨᠢ ᠦᠢᠯᠡᠴᠢᠯᠡᠬᠦ ᠪᠠ ᠰᠢᠨ᠎ᠡ ᠶᠢ ᠡᠭᠦᠳᠬᠦ ᠬᠡᠪ ᠵᠠᠭᠪᠤᠷ ᠢᠶᠠᠷ ᠬᠥᠳᠡᠯᠭᠡᠭᠦᠷ ᠪᠤᠯᠭᠠᠪᠠ᠃ ᠰᠠᠯᠠᠭ᠎ᠠ | ᠮᠥᠴᠢᠷ ᠤᠨ ᠬᠤᠭᠤᠷᠤᠨᠳᠤᠬᠢ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠵᠦ᠂ ᠡᠮᠨᠡᠨ ᠵᠠᠰᠠᠬᠤ᠂ ᠰᠢᠯᠵᠢᠭᠦᠯᠦᠨ | ᠡᠷᠡᠭᠦᠯᠵᠢᠭᠦᠯᠬᠦ ᠶᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠤᠨ ᠡᠯ᠎ᠡ ᠬᠦᠴᠦᠨ ᠢ ᠳᠠᠶᠢᠴᠢᠯᠠᠨ ᠡᠪᠡᠳᠴᠢᠲᠡᠨ ᠢ | ᠬᠠᠪᠰᠤᠷᠤᠨ ᠲᠠᠩᠰᠠᠯᠠᠭᠤᠯᠣᠵᠣ᠂ ᠦᠢᠯᠡᠴᠢᠯᠡᠭᠡᠨ ᠤ ᠪᠠᠶᠢᠭᠤᠯᠤᠮᠵᠢ ᠠᠴᠠ ︽ᠨᠢᠭᠡ ᠳᠤ ᠨᠢᠭᠡ︾ ᠶᠢᠨ ᠰᠡᠳᠬᠢᠴᠡ ᠶᠢᠨ | ᠵᠢᠯᠣᠭᠤᠳᠤᠯᠭ᠎ᠠ ᠶᠢᠨ ᠳᠥᠰᠦᠯ ᠢ ᠲᠣᠭᠲᠠᠭᠠᠨ᠂ ᠰᠡᠳᠬᠢᠴᠡ ᠶᠢᠨ ᠵᠢᠯᠤᠭᠤᠳᠤᠮᠵᠢ᠂ ᠠᠵᠢᠯ ᠣᠯᠭᠤᠯᠲᠠ ᠶᠢᠨ | ᠵᠢᠯᠤᠭᠤᠳᠤᠮᠵᠢ ᠬᠢᠵᠦ ᠡᠪᠡᠳᠴᠢᠲᠡᠨ ᠤ ᠠᠮᠢᠳᠤᠷᠠᠯ ᠤᠨ ᠲᠠᠷᠤᠯᠳᠠ ᠪᠤᠯᠤᠨ ᠵᠤᠪᠠᠨᠢᠯ ᠢ ᠨᠠᠮᠳᠠᠭᠤᠯᠵᠤ᠂ ᠪᠡᠶ᠎ᠡ ᠪᠠᠨ ᠲᠠᠭᠠᠭᠠᠨ | ᠠᠵᠢᠯ ᠤᠯᠬᠤ ᠳᠤ ᠲᠡᠮᠵᠢᠯᠭᠡ ᠪᠤᠯᠪᠠ᠃ ︽ᠡᠮ ᠤᠨ ᠵᠦᠢᠯ ᠢ ᠣᠷᠣᠯᠠᠨ ᠨᠡᠭᠡᠭᠡᠬᠦ + ᠡᠮ ᠤᠨ ᠵᠦᠢᠯ ᠢ ᠭᠡᠷ ᠲᠤᠨᠢ | ᠬᠦᠷᠭᠡᠬᠦ︾ ᠦᠢᠯᠡᠴᠢᠯᠡᠭᠡ ᠶᠢ ᠡᠭᠦᠳᠴᠦ᠂ ᠤᠳᠤᠬᠠᠨ ᠳᠤ 7 ᠡᠪᠡᠳᠴᠢᠲᠡᠨ ᠳᠤ ᠠᠰᠢᠭ ᠬᠦᠷᠲᠡᠭᠡᠵᠦ ᠪᠠᠶᠢᠨ᠎ᠠ᠂ ᠪᠠᠷᠠᠭᠤᠨ | ᠦᠵᠦᠮᠦᠴᠢᠨ ᠬᠤᠰᠢᠭᠤᠨ ᠤ ᠰᠡᠳᠬᠢᠴᠡ ᠶᠢᠨ ᠡᠷᠡᠭᠦᠯ ᠬᠠᠮᠠᠭᠠᠯᠠᠯ ᠤᠨ ᠨᠡᠶᠢᠭᠡᠮᠯᠢᠭ ᠠᠴᠠ ᠨᠡᠭᠡᠭᠡᠭᠰᠡᠨ ᠲᠠᠷᠢᠶᠠᠨ ᠭᠠᠵᠠᠷ ᠨᠢ | ᠡᠪᠡᠳᠴᠢᠲᠡᠨ ᠢ ᠡᠬᠡ ᠪᠠᠶᠢᠭᠠᠯᠢ ᠲᠠᠢ ᠣᠶᠢᠷᠠᠲᠤᠨ᠂ ᠨᠡᠶᠢᠭᠡᠮ ᠨᠡᠶᠢᠲᠡ ᠳᠤ ᠠᠭᠤᠰᠤᠯᠴᠠᠬᠤ ᠳᠤ ᠬᠠᠪᠰᠤᠷᠤᠯᠭ᠎ᠠ | ᠦᠵᠡᠬᠦᠯᠵᠡᠢ᠃ | ︽ᠡᠬᠢᠨ ᠳᠡᠭᠡᠨ ᠡᠪᠡᠳᠴᠢᠲᠡᠨ ᠰᠠᠨᠠᠯ ᠢᠶᠠᠨ ᠰᠣᠯᠢᠯᠴᠠᠬᠤ ᠳᠤᠷ᠎ᠠ ᠦᠭᠡᠢ ᠂ ᠭᠡᠷ ᠠᠴᠠ ᠪᠠᠨ ᠴᠦ ᠭᠠᠷᠬᠤ ᠳᠣᠷ᠎ᠠ | ᠦᠭᠡᠢ ᠪᠠᠶᠢᠵᠠᠢ᠂ ᠪᠢᠳᠡ ᠪᠠᠶᠢᠨ ᠳᠠᠬᠢᠨ ᠭᠡᠷ ᠲᠤᠨᠢ ᠬᠦᠷᠴᠦ ᠰᠡᠳᠬᠢᠴᠡ ᠶᠢᠨ ᠵᠢᠯᠣᠭᠤᠳᠣᠯᠭ᠎ᠠ ᠬᠢᠭᠰᠡᠨ ᠢᠶᠠᠷ ᠣᠳᠣ | ᠨᠡᠯᠢᠶᠡᠳ ᠬᠥᠮᠥᠰ ᠡᠷᠡᠭᠦᠯᠵᠢᠵᠦ᠂ ᠪᠠᠰᠠ ᠥᠪᠡᠷ ᠤᠨ ᠭᠡᠰᠡᠨ ᠠᠵᠢᠯ ᠦᠢᠯᠡᠰ ᠲᠠᠢ ᠪᠤᠯᠵᠠᠢ︾ ᠭᠡᠵᠤ ᠪᠠᠢ ᠪᠠᠭᠰᠢ ᠰᠡᠳᠬᠢᠯ | ᠬᠥᠳᠡᠯᠦᠨ ᠶᠠᠷᠢᠵᠦ ᠪᠠᠶᠢᠯ᠎ᠠ᠃ | ᠣᠳᠣ ᠪᠣᠯᠲᠠᠯ᠎ᠠ᠂ ᠪᠦᠯᠬᠦᠮ ᠨᠡᠶᠢᠲᠡ ᠶᠢᠨ ᠬᠠᠪᠰᠤᠷᠤᠨ ᠵᠢᠯᠣᠭᠤᠳᠤᠯᠭ᠎ᠠ ᠨᠡᠶᠢᠲᠡ 14 ᠤᠳᠠᠭ᠎ᠠ᠂ ᠣᠨᠴᠠᠭᠠᠶ ᠬᠡᠷᠡᠭ | ᠤᠨ ᠦᠢᠯᠡᠴᠢᠯᠡᠭᠡ 29 ᠤᠳᠠᠭ᠎ᠠ ᠦᠷᠨᠢᠭᠦᠯᠦᠨ᠂ 120 ᠭᠠᠷᠤᠢ ᠬᠥᠮᠥᠨ ᠤᠳᠠᠭ᠎ᠠ ᠶᠢ ᠬᠠᠮᠤᠷᠴᠤ᠂ 75% ᠶᠢᠨ | ᠣᠷᠣᠯᠴᠠᠭᠰᠠᠳ ᠤᠨ ᠵᠣᠪᠠᠨᠢᠯ ᠪᠤᠬᠢᠨᠢᠳᠤᠯ ᠤᠨ ᠬᠡᠮᠵᠢᠶ᠎ᠡ ᠪᠠᠭᠤᠷᠠᠵᠤ᠂ 3 ᠡᠪᠡᠳᠴᠢᠲᠡᠨ ᠨᠡᠶᠢᠭᠡᠮ ᠲᠣᠭᠤᠷᠢᠭ ᠤᠨ ᠬᠡᠷᠡᠭ | ᠶᠠᠪᠤᠳᠠᠯ ᠢ ᠪᠡᠶ᠎ᠡ ᠪᠠᠨ ᠳᠠᠭᠠᠭᠠᠨ ᠪᠡᠶᠡᠯᠡᠭᠦᠯᠵᠦ᠂ 1 ᠬᠤᠳᠠᠯᠳᠤᠭᠠᠴᠢᠨ ᠡᠷᠦᠬᠡ ᠠᠴᠠ ᠡᠷᠡᠭᠦᠯᠵᠢᠭᠰᠡᠨ ᠡᠪᠡᠳᠴᠢᠲᠡᠨ ᠳᠤ | ᠠᠵᠢᠯ ᠤᠨ ᠪᠠᠶᠢᠷᠢ ᠬᠠᠩᠭᠠᠪᠠ᠃ | ᠢᠷᠡᠭᠡᠳᠦᠢ ᠳᠤ᠂ ᠪᠠᠷᠠᠭᠤᠨ ᠦᠵᠦᠮᠦᠴᠢᠨ ᠬᠤᠰᠢᠭᠤ ᠨᠢ ︽ᠲᠤᠰᠬᠠᠢ ᠦᠢᠯᠡᠴᠢᠯᠡᠭᠡ + ᠰᠠᠶᠢᠨ ᠳᠤᠷ᠎ᠠ ᠠᠴᠠ ᠪᠠᠨ | ᠬᠠᠪᠰᠤᠷᠤᠨ ᠲᠡᠳᠬᠦᠬᠦ︾ ᠵᠠᠭᠪᠤᠷ ᠢ ᠭᠦᠨᠵᠡᠭᠡᠶᠢᠷᠡᠭᠦᠯᠵᠦ᠂ ᠮᠠᠯᠵᠢᠬᠤ ᠣᠷᠣᠨ ᠤ ᠪᠤᠶᠢᠳᠠ ᠪᠥᠭᠯᠡᠭᠦᠦ ᠭᠠᠵᠠᠷ ᠣᠷᠣᠨ ᠳᠤ | ᠦᠢᠯᠡᠴᠢᠯᠡᠭᠡ ᠪᠠᠨ ᠬᠦᠷᠭᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠪᠠᠷ | ᠲᠠᠮᠵᠢᠭᠤᠯᠤᠨ᠂ ᠨᠡᠶᠢᠭᠡᠮ ᠤᠨ ᠡᠯ᠎ᠡ ᠬᠦᠴᠦᠨ ᠢ ᠨᠢᠭᠲᠠᠷᠠᠭᠤᠯᠤᠨ᠂ ᠨᠠᠩ ᠣᠯᠠᠨ ᠣᠶᠤᠨ ᠮᠡᠳᠡᠷᠡᠯ ᠤᠨ ᠰᠠᠭᠠᠳ ᠲᠠᠢ | ᠡᠪᠡᠳᠴᠢᠲᠡᠨ ᠢ ᠬᠠᠯᠠᠮᠵᠢᠯᠠᠨ ᠲᠡᠮᠵᠢᠵᠦ᠂ ᠬᠠᠶᠢᠷ᠎ᠠ ᠬᠠᠯᠠᠮᠵᠢ ᠬᠦᠷᠭᠡᠬᠦ ᠪᠠᠷ ᠪᠤᠢ᠃ | | | | | | |