ᠪᠠᠷᠠᠭᠤᠨ ᠦᠵᠦᠮᠦᠴᠢᠨ ᠬᠤᠰᠢᠭᠤ ᠭᠦᠭᠵᠢᠮᠳᠦ ᠵᠠᠮ ᠪᠤᠯᠤᠨ  ᠦᠵᠦᠮ  ᠤᠨ  ᠦᠩᠬᠡᠳᠣ ᠵᠠᠮ ᠲᠠᠢ ᠪᠤᠯᠤᠯ᠎ᠠ
ᠨᠡᠶᠢᠲᠡᠯᠡᠭᠰᠡᠨ ᠴᠠᠭ᠄
2025/6/30
    ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ 99  ᠨᠣᠮᠧᠷᠲᠤ ᠠᠶᠠᠯᠠᠯ ᠤᠨ ᠱᠤᠭᠤᠮ ᠳᠤ ᠣᠯᠠᠨ ᠵᠦᠢᠯ ᠤᠨ ᠰᠣᠶᠣᠯ ᠵᠢᠭᠤᠯᠴᠢᠯᠠᠯ ᠤᠨ  ᠦᠢᠯᠠᠴᠢᠯᠠᠬᠡᠨ ᠤ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠬᠦᠯᠦᠨ᠂ ᠵᠢᠭᠤᠯᠴᠢᠯᠠᠭᠰᠠᠳ ᠵᠢᠴᠢ ᠮᠠᠯᠴᠢᠨ ᠲᠦᠮᠠᠨ ᠳᠤ ᠵᠢᠭᠤᠯᠴᠢᠯᠠᠯ ᠤᠨ ᠰᠠᠶᠢᠨ ᠰᠠᠶᠢᠬᠠᠨ ᠤᠷᠴᠢᠨ ᠨᠦᠬᠦᠴᠠᠯ  ᠢ ᠪᠦᠷᠢᠯᠳᠦᠭᠦᠯᠦᠨ ᠦᠭᠴᠡᠢ᠃
    ᠲᠠᠯ᠎ᠠ ᠨᠤᠲᠤᠭ ᠤᠨ 99 ᠨᠣᠮᠧᠷᠲᠤ  ᠠᠶᠠᠯᠠᠯ ᠤᠨ ᠱᠤᠭᠤᠮ ᠲᠡᠭᠡᠷᠡᠬᠢ ᠪᠥᠬᠦ ᠠᠶᠢᠮᠠᠭ ᠤᠨ ᠠᠩᠬᠠᠳᠠᠭᠴᠢ ᠭᠦᠭᠵᠢᠮᠳᠦ ᠵᠠᠮ ᠨᠢ ᠤᠳᠠᠯ ᠦᠭᠡᠢ ᠵᠢᠩᠬᠢᠨᠢ ᠪᠠᠷ ᠠᠰᠢᠭᠯᠠᠯᠳᠠ ᠳᠤ ᠤᠷᠤᠬᠤ ᠪᠤᠯᠤᠯ᠎ᠠ᠃ ᠲᠤᠰ ᠵᠠᠮ ᠨᠢ ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠤᠨ ᠭᠤᠣᠯ ᠬᠡᠰᠡᠭ ᠲᠤ ᠪᠠᠶᠢᠷᠢᠯᠠᠵᠤ᠂ ᠪᠦᠬᠦ ᠣᠷᠳᠣ ᠨᠢ 1330 ᠮᠧᠲᠷ ᠪᠠᠶᠢᠵᠦ᠂ ᠮᠠᠰᠢᠨ ᠲᠡᠷᠭᠡ 35 ︱ 60 ᠺᠢᠯᠣᠮᠧᠲᠷ ᠤᠨ ᠬᠤᠷᠳᠣᠴᠠ ᠪᠠᠷ ᠦᠩᠬᠡᠷᠡᠬᠦ ᠦᠶᠠᠰ᠂ 120 ᠰᠧᠺᠦ᠋ᠨ᠋ᠳ᠋ ᠤᠨ ︽ᠦᠵᠦᠮᠦᠴᠢᠨ ᠨᠤᠲᠤᠭ︾ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠬᠤᠶᠠᠷ ᠲᠠᠭᠤᠨ ᠤ ᠠᠶ᠎ᠠ ᠭᠠᠷᠴᠦ᠂ ᠵᠤᠭᠠᠴᠠᠭᠰᠠᠳ ᠲᠤ ᠲᠠᠯ᠎ᠠ ᠨᠤᠲᠤᠭ ᠤᠨ ᠥᠩᠭᠡ ᠦᠵᠡᠮᠵᠢ ᠶᠢ ᠰᠣᠨᠢᠷᠬᠠᠭᠤᠯᠬᠤ ᠶᠢᠨ ᠬᠠᠮᠲᠤ ᠦᠵᠦᠮᠦᠴᠢᠨ ᠨᠤᠳᠤᠭ ᠤᠨ ᠰᠣᠶᠤᠯ ᠢᠷᠬᠡᠨᠰᠢᠯ ᠢ ᠪᠡᠶᠡᠴᠢᠯᠠᠨ ᠦᠢᠯᠠᠭᠠᠭᠤᠯᠬᠤ ᠪᠤᠯᠤᠨ᠎ᠠ᠃
    ᠡᠬᠦᠨ ᠤ ᠬᠠᠮᠳᠣ᠂ ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠲᠠᠭᠠᠤ 14.292 ᠺᠢᠯᠣᠮᠧᠲᠷ ᠤᠨ ᠳᠤᠭᠤᠢ ᠤᠨᠤᠬᠤ ᠵᠠᠮ ᠢ ᠰᠢᠨ᠎ᠡ ᠪᠠᠷ ᠨᠡᠮᠡᠵᠦ ᠵᠠᠰᠠᠨ᠂ ᠦᠵᠦᠮᠦᠴᠢᠨ ᠨᠤᠳᠤᠭ ᠤᠨ ᠢᠶᠠᠨ ᠰᠣᠶᠤᠯ ᠲᠠᠣᠬᠡ ᠪᠠᠷ ᠦᠨᠳᠣᠰᠣᠯᠠᠯ ᠪᠤᠯᠭᠠᠵᠦ᠂ ᠦᠵᠦᠮ ᠤᠨ ᠶᠠᠭᠠᠨ ᠦᠩᠬᠡ ᠪᠠᠷ ᠪᠤᠳᠣᠭᠰᠠᠨ ᠪᠠᠶᠢᠨ᠎ᠠ᠃ ᠲᠤᠰ ᠦᠩᠬᠡᠳᠣ ᠵᠠᠮ ᠨᠢ ᠪᠠᠷᠠᠭᠤᠨ ᠦᠵᠦᠮᠦᠴᠢᠨ ᠬᠤᠰᠢᠭᠤᠨ ᠤ ᠨᠣᠮᠢᠨ ᠨᠣᠭᠤᠭᠠᠨ ᠲᠠᠯ᠎ᠠ ᠨᠤᠳᠤᠭ᠂ ᠭᠦᠬᠡᠮᠳᠦᠭ ᠴᠠᠩᠬᠡᠷ ᠣᠭᠲᠠᠷᠭᠤᠢ᠂ ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠲᠠᠢ ᠵᠤᠬᠢᠴᠠᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠵᠤᠭᠠᠴᠠᠯ ᠤᠨ ᠴᠡᠭ ᠪᠤᠯᠤᠭᠰᠠᠨ ᠪᠠᠶᠢᠨ᠎ᠠ᠃     ᠲᠠᠯ᠎ᠠ ᠨᠤᠲᠤᠭ ᠤᠨ 99 ᠨᠣᠮᠧᠷᠲᠤ ᠠᠶᠠᠯᠠᠯ ᠤᠨ ᠱᠤᠭᠤᠮ ᠤᠨ ᠡᠬᠢᠯᠡᠯᠲᠡ ᠶᠢᠨ ᠴᠡᠭ ᠲᠠᠬᠢ ᠦᠢᠯᠡᠴᠢᠯᠡᠭᠡᠨ  ᠤ ᠲᠣᠭᠤᠷᠢᠭ ᠨᠢ 2025 ᠣᠨ ᠤ 7 ᠰᠠᠷ᠎ᠠ ᠳᠤ ᠠᠰᠢᠭᠯᠠᠯᠲᠠ ᠳᠤ ᠤᠷᠤᠭᠰᠠᠨ ᠤ ᠲᠠᠷᠠᠭ᠎ᠠ᠂ ᠦᠢᠯᠡᠴᠢᠯᠡᠭᠡᠨ ᠤ ᠴᠢᠳᠠᠮᠵᠢ ᠪᠠ ᠰᠣᠶᠣᠯ ᠵᠢᠭᠤᠯᠴᠢᠯᠠᠯ ᠤᠨ  ᠠᠭᠤᠯᠭ᠎ᠠ ᠬᠡᠯᠪᠡᠷᠢ ᠨᠢ ᠪᠦᠬᠦ ᠲᠠᠯ᠎ᠠ ᠪᠠᠷ ᠲᠡᠭᠦᠯᠳᠡᠷᠵᠢᠨ᠂ ᠵᠢᠷᠤᠭ ᠰᠠᠬᠦᠳᠠᠷ ᠲᠠᠲᠠᠬᠤ᠂ ᠠᠮᠠᠷᠠᠨ ᠰᠠᠯᠠᠬᠦᠴᠠᠬᠦ ᠵᠡᠷᠬᠡ ᠤᠯᠠᠨ ᠲᠠᠯ᠎ᠠ ᠶᠢᠨ ᠦᠢᠯᠠᠴᠢᠯᠡᠭᠡ ᠬᠠᠩᠭᠠᠬᠤ ᠪᠤᠯᠤᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ  ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号