ᠪᠦᠦ ᠯᠢᠨ ᠤᠯᠠᠭᠠᠨ ᠢᠳᠡᠭᠡᠨ ᠤ ᠨᠢᠲᠤᠯᠵᠤ ᠪᠤᠯᠪᠠᠰᠤᠷᠠᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2025/6/30
    6 ᠰᠠᠷ᠎ᠠ ᠶᠢᠨ 25 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠦ ᠯᠢᠨ ᠬᠤᠰᠢᠭᠤᠨ ᠳᠠᠬᠢ ᠬᠡᠰᠡᠭ ᠭᠤᠣᠯᠳᠠᠯᠭ᠎ᠠ ᠲᠠᠢ ᠤᠯᠠᠭᠠᠨ ᠢᠳᠡᠭᠡᠨ ᠤ ᠨᠢᠲᠤᠯᠵᠤ ᠪᠤᠯᠪᠠᠰᠤᠷᠠᠭᠤᠯᠬᠤ ᠠᠵᠤ ᠠᠬᠤᠶᠢᠯᠠᠯ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃     ᠪᠠᠶᠢᠴᠠᠭᠠᠨ ᠰᠤᠳᠤᠯᠤᠯᠲᠠ ᠳᠤᠮᠳᠠ᠂ ᠪᠦᠦ ᠯᠢᠨ ᠤᠷᠢᠳ ᠬᠤᠵᠢᠳ ᠴᠢᠨ ᠯᠢᠦᠢ ᠤᠯᠠᠭᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠴᠢᠨ ᠶᠤᠸᠠᠨ ᠤᠯᠠᠭᠠᠨ ᠢᠳᠡᠭᠡᠨ ᠤ ᠬᠢᠵᠠᠭᠠᠷᠲᠤ ᠺᠣᠮᠫᠠᠨᠢ᠂ ᠲᠣᠭᠲᠠᠭᠰᠠᠨ ᠴᠡᠭ ᠤᠨ ᠠᠯᠠᠵᠤ ᠨᠢᠲᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠠᠵᠤ ᠠᠬᠤᠶᠢᠯᠠᠯ ᠳᠤ ᠭᠦᠨᠵᠡᠭᠡᠨᠶᠢᠷᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠦᠢᠯᠡᠳᠪᠦᠷᠢᠯᠡᠯ ᠡᠵᠡᠩᠨᠡᠯᠲᠡ ᠶᠢᠨ ᠲᠥᠯᠥᠪᠯᠡᠭᠡ᠂ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠢᠴᠢ ᠠᠵᠤ ᠦᠢᠯᠡᠰ ᠤᠨ ᠬᠡᠯᠬᠢᠶᠡᠨ ᠤ ᠬᠠᠮᠵᠢᠯᠴᠠᠭ᠎ᠠ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢ ᠣᠶᠢᠯᠠᠭᠠᠪᠠ᠃     ᠪᠦᠦ ᠯᠢᠨ᠂ ᠤᠯᠠᠭᠠᠨ ᠢᠳᠡᠭᠡᠨ ᠤ ᠨᠢᠲᠤᠯᠵᠤ ᠪᠤᠯᠪᠠᠰᠤᠷᠠᠭᠤᠯᠬᠤ ᠠᠵᠤ ᠠᠬᠤᠶᠢᠯᠠᠯ ᠪᠣᠯ ᠪᠠᠷᠠᠭᠤᠨ ᠦᠵᠦᠮᠦᠴᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠴᠢᠬᠤᠯᠠ ᠲᠤᠯᠭᠠᠭᠤᠷᠢ ᠪᠣᠯᠣᠨ᠎ᠠ᠂ ᠡᠯ᠎ᠡ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠠᠵᠠ ᠲᠣᠬᠢᠶᠠᠯ ᠢ ᠠᠮᠵᠢᠵᠤ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠦᠨ᠂ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠦᠢᠯᠡᠳᠪᠦᠷᠢᠯᠡᠯ ᠤᠨ ᠴᠢᠳᠠᠪᠤᠷᠢ ᠪᠣᠯᠣᠨ ᠪᠦᠲᠦᠭᠡᠭᠳᠡᠬᠦᠨ ᠤ ᠨᠡᠮᠡᠯᠲᠡ ᠦᠷᠳᠡᠭ ᠢᠶᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠪᠠᠶᠢᠳᠠᠯ ᠢ ᠨᠢᠭᠲᠠ ᠠᠩᠬᠠᠷᠴᠤ᠂ ᠪᠣᠷᠤᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠨ᠂ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶᠡᠨ ᠤ ᠲᠣᠭᠲᠠᠭᠤᠨ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡᠪᠡᠷ᠂ ᠦᠢᠯᠡᠳᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠢ ᠤᠯᠠᠨ ᠶᠠᠩᠵᠤᠴᠢᠯᠠᠬᠤ᠂ ᠨᠠᠷᠢᠯᠢᠭᠵᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠪᠦᠦ ᠯᠢᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ  ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠡᠬᠢ ᠪᠠᠶᠠᠯᠢᠭ ᠢ ᠨᠢᠭᠡᠳᠬᠡᠨ᠂ ᠠᠵᠤ ᠠᠬᠤᠶᠢᠯᠠᠯ  ᠤᠨ ᠬᠠᠤᠯᠢ ᠲᠣᠭᠲᠠᠭᠠᠯ ᠶᠣᠰᠣᠭᠠᠷ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠰᠢᠭ ᠢ ᠬᠦᠷᠲᠡᠬᠦ ᠶᠢ ᠪᠠᠲᠤᠯᠠᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ᠂ ᠬᠠᠮᠲᠤᠪᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ  ᠨᠢ ᠠᠵᠤ ᠠᠬᠤᠢ ᠶᠢᠨ ᠦᠷ᠎ᠡ ᠠᠰᠢᠭ ᠢ ᠬᠥᠭᠡᠭᠡᠴᠡᠯᠳᠦᠬᠦ ᠶᠢᠨ ᠬᠠᠮᠲᠤ᠂ ᠨᠡᠶᠢᠭᠡᠮ ᠤᠨ ᠬᠠᠷᠢᠭᠤᠴᠠᠯᠭ᠎ᠠ ᠶᠢ ᠴᠢᠬᠤᠯᠠᠴᠢᠯᠠᠵᠤ᠂ ᠦᠢᠯᠡᠳᠪᠦᠷᠢᠯᠡᠯ ᠤᠨ ᠶᠠᠪᠤᠴᠠ ᠶᠢ ᠰᠢᠯᠢᠳᠡᠭᠵᠢᠭᠦᠯᠬᠦ᠂ ᠬᠠᠮᠲᠤᠷᠠᠯᠴᠠᠬᠤ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠴᠢᠨ ᠲᠦᠮᠡᠨ ᠢ ᠬᠠᠪᠰᠤᠷᠤᠨ ᠲᠡᠵᠢᠭᠡᠨ ᠦᠷᠡᠵᠢᠭᠦᠯᠬᠦ ᠪᠠ ᠵᠥᠭᠡᠭᠡᠪᠦᠷᠢᠯᠡᠬᠦ ᠵᠡᠷᠭᠡ ᠲᠠᠯ᠎ᠠ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ᠂ ᠡᠯ᠎ᠡ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠠᠵᠢᠯᠲᠠᠨ ᠠᠵᠢᠯᠴᠢᠨ ᠤ ᠪᠣᠯᠪᠠᠰᠤᠷᠠᠯ ᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ  ᠤᠨ ᠡᠷᠬᠢᠯᠡᠭᠴᠢ ᠬᠤᠸᠠᠩ ᠯᠢ ᠺᠦᠨ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号