6 ᠰᠠᠷ᠎ᠠ ᠶᠢᠨ 27 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠣᠯᠠᠭᠠᠨᠬᠠᠭᠠᠯᠭ᠎ᠠ ᠰᠣᠮᠣᠨ ᠤ | ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠨᠢ ᠵᠢᠩᠬᠢᠨᠢ ᠪᠠᠷ ᠠᠰᠢᠭᠯᠠᠯᠲᠠ ᠳᠤ | ᠤᠷᠤᠪᠠ᠃ ᠲᠤᠰ ᠦᠢᠯᠡᠴᠢᠯᠡᠭᠡᠨ ᠤ ᠲᠥᠪ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ | ᠢ ᠳᠡᠭᠡᠭᠰᠢᠯᠡᠭᠦᠯᠵᠦ᠂ ᠨᠠᠰᠤᠲᠠᠶᠢᠴᠤᠳ ᠤᠨ ᠣᠯᠠᠨ ᠶᠠᠩᠵᠤ ᠶᠢᠨ ᠠᠰᠠᠷᠠᠨ ᠬᠠᠷᠠᠭᠠᠯᠵᠠᠬᠤ ᠬᠡᠷᠡᠭᠴᠡᠭᠡ ᠶᠢ ᠬᠠᠩᠭᠠᠬᠤ | ᠪᠤᠯᠤᠨ᠎ᠠ᠃ | ᠡᠬᠢᠯᠡᠯᠲᠡ ᠶᠢᠨ ᠶᠣᠰᠣᠯᠠᠯ ᠳᠤ᠂ ᠭᠠᠵᠠᠷ ᠪᠥᠮᠪᠦᠭᠡ ᠶᠢᠨ ᠤᠷᠤᠯᠳᠤᠭᠠᠨ᠂ ᠠᠯᠪᠠᠨ ᠵᠢᠷᠤᠮ ᠤᠨ ᠡᠮᠴᠢᠯᠡᠭᠡ᠂ ᠦᠰᠦ | ᠵᠠᠰᠠᠬᠤ᠂ ᠬᠠᠶᠢᠷ᠎ᠠ ᠬᠠᠯᠠᠮᠵᠢ ᠶᠢᠨ ᠦᠳᠡ ᠶᠢᠨ ᠬᠤᠭᠤᠯᠠ ᠵᠡᠷᠭᠡ ᠠᠵᠢᠯᠯᠠᠭ᠎ᠠ ᠶᠢ ᠵᠡᠷᠭᠡᠪᠡᠷ ᠦᠷᠨᠢᠭᠦᠯᠦᠨ᠂ ᠠᠬᠤᠢ | ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ ᠪᠠᠶᠢᠪᠠ᠃ | ᠲᠣᠰ ᠰᠤᠮᠤᠨ ᠤ 13 ᠭᠠᠴᠠᠭ᠎ᠠ᠂ 1 ᠰᠠᠭᠤᠭᠠᠯᠢ ᠠᠷᠠᠳ ᠤᠨ ᠵᠥᠪᠯᠡᠯ ᠵᠢᠴᠢ 1 ᠰᠠᠭᠤᠭᠠᠯᠢ ᠠᠷᠠᠳ ᠤᠨ | ᠳᠤᠭᠤᠶᠢᠯᠠᠩ ᠳᠤ ᠦᠢᠯᠡᠴᠢᠯᠡᠬᠦ ᠨᠠᠰᠤᠵᠢᠯ ᠤᠨ ᠠᠰᠠᠷᠠᠮᠵᠢ ᠶᠢᠨ ᠰᠢᠨ᠎ᠡ ᠰᠠᠭᠤᠷᠢᠨ ᠪᠣᠯᠤᠭᠰᠠᠨ ᠤ ᠬᠤᠪᠢ ᠳᠤ᠂ | ᠲᠣᠰ ᠦᠢᠯᠡᠴᠢᠯᠡᠭᠡᠨ ᠤ ᠲᠥᠪ ᠤᠨ ᠭᠤᠣᠯ ᠪᠠᠷᠢᠯᠭ᠎ᠠ ᠶᠢᠨ ᠲᠠᠯᠠᠪᠠᠶ ᠨᠢ 760 ᠲᠡᠭᠰᠢ ᠳᠥᠷᠪᠡᠯᠵᠢᠨ ᠮᠧᠲᠷ | ᠪᠠᠶᠢᠵᠤ᠂ ᠣᠯᠠᠨ ᠴᠢᠳᠠᠮᠵᠢᠲᠤ ᠠᠵᠢᠯᠯᠠᠭᠠᠨ ᠤ ᠲᠠᠰᠤᠭ᠂ ᠰᠢᠲᠠᠷ᠎ᠠ ᠶᠢᠨ ᠲᠠᠰᠤᠭ᠂ ᠤᠩᠰᠢᠯᠭ᠎ᠠ ᠶᠢᠨ ᠲᠠᠰᠤᠭ᠂ | ᠡᠷᠡᠭᠦᠯᠵᠢᠭᠦᠯᠬᠦ ᠵᠠᠰᠠᠯ ᠤᠨ ᠲᠠᠰᠤᠭ᠂ ᠦᠰᠦ ᠵᠠᠰᠠᠬᠤ ᠲᠠᠰᠤᠭ ᠵᠡᠷᠭᠡ ᠴᠢᠳᠠᠪᠬᠢᠲᠣ ᠲᠠᠰᠤᠭ ᠢ ᠲᠣᠬᠢᠷᠠᠭᠤᠯᠵᠤ᠂ | ᠬᠤᠭᠤᠯᠠᠨ ᠭᠡᠷ᠂ ᠲᠣᠭᠤᠭᠠᠨ ᠭᠡᠷ᠂ ᠠᠷᠢᠭᠤᠨ ᠴᠡᠪᠡᠷ ᠤᠨ ᠲᠠᠰᠤᠭ ᠵᠡᠷᠭᠡ ᠲᠤᠰᠠᠯᠠᠬᠤ ᠥᠷᠦᠭᠡ ᠶᠢ ᠢᠵᠢ | ᠪᠦᠷᠢᠳᠦᠭᠦᠯᠦᠨ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠥᠪᠡᠷᠮᠢᠴᠡ ᠤᠨᠴᠠᠯᠢᠭᠲᠤ ᠵᠠᠭᠪᠤᠷ ᠢ ᠪᠣᠶ | ᠪᠣᠯᠭᠠᠬᠤ ᠪᠠᠷ ᠬᠦᠴᠦᠯᠡᠪᠡ᠃ | ᠲᠣᠰ ᠲᠥᠪ ᠨᠢ ︽ᠥᠲᠡᠯᠦᠭᠰᠡᠨ ᠴᠦ ᠵᠤᠭ᠎ᠠ ᠴᠡᠩᠭᠡᠯ ᠲᠠᠢ᠂ ᠬᠢᠬᠦ ᠠᠵᠢᠯ ᠲᠠᠢ᠂ ᠰᠣᠷᠬᠤ ᠵᠦᠢᠯ ᠲᠠᠢ᠂ | ᠠᠰᠠᠷᠠᠮᠵᠢ ᠬᠠᠷᠠᠭᠠᠯᠵᠠᠯ ᠲᠠᠢ︾ ᠪᠠᠶᠢᠬᠤ ᠬᠠᠷᠠᠯᠲᠠ ᠶᠢᠨ ᠲᠣᠭᠤᠷᠢᠨ ᠳᠤ ᠪᠥᠬᠦ ᠲᠠᠯ᠎ᠠ ᠶᠢᠨ ᠦᠢᠯᠡᠴᠢᠯᠡᠭᠡ | ᠬᠠᠩᠭᠠᠨ᠎ᠠ᠃ ᠡᠮᠴᠢᠯᠡᠭᠡ ᠶᠢᠨ ᠲᠤᠰᠠᠯᠠᠮᠵᠢ ᠳᠤ ᠡᠷᠡᠭᠦᠯ ᠮᠡᠨᠳᠦ ᠶᠢᠨ ᠪᠠᠶᠢᠴᠠᠭᠠᠯᠲᠠ᠂ ᠠᠯᠪᠠᠨ ᠵᠢᠷᠤᠮ ᠤᠨ | ᠡᠮᠴᠢᠯᠡᠭᠡ᠂ ᠡᠷᠡᠭᠦᠯ ᠮᠡᠨᠳᠦ ᠶᠢᠨ ᠲᠠᠶᠢᠯᠤᠮᠵᠢ ᠵᠡᠷᠭᠡ ᠶᠢ ᠪᠠᠭᠳᠠᠭᠠᠨ᠎ᠠ᠂ ᠠᠷᠢᠭᠤᠨ ᠴᠡᠪᠡᠷ ᠤᠨ ᠲᠣᠰᠠᠯᠠᠮᠵᠢ ᠳᠤ | ᠬᠤᠪᠴᠠᠰᠤ ᠤᠬᠢᠶᠠᠬᠤ᠂ ᠦᠰᠦ ᠵᠠᠰᠠᠬᠤ᠂ ᠭᠡᠷ ᠴᠡᠪᠡᠷᠯᠡᠬᠦ ᠵᠡᠷᠭᠡ ᠶᠢ ᠪᠠᠭᠳᠠᠭᠠᠨ᠎ᠠ᠂ ᠡᠳᠦᠷ ᠲᠣᠲᠣᠮ ᠤᠨ | ᠲᠣᠰᠠᠯᠠᠮᠵᠢ ᠳᠤ ᠬᠠᠨᠢ ᠪᠣᠯᠵᠤ ᠡᠮᠨᠡᠭᠦᠯᠬᠦ᠂ ᠰᠡᠯᠡᠭᠦᠴᠡᠨ ᠠᠯᠬᠤᠬᠤ᠂ ᠤᠴᠢᠷ ᠶᠠᠪᠤᠳᠠᠯ ᠢ ᠣᠷᠣᠯᠠᠨ ᠭᠦᠢᠴᠡᠳᠭᠡᠬᠦ | ᠵᠡᠷᠭᠡ ᠶᠢ ᠪᠠᠭᠳᠠᠭᠠᠨ᠎ᠠ᠂ ᠪᠠᠴᠢᠮ ᠪᠠᠶᠢᠳᠠᠯ ᠤᠨ ᠲᠣᠰᠠᠯᠠᠮᠵᠢ ᠳᠤ ᠡᠮᠴᠢᠯᠡᠭᠡᠨ ᠤ ᠪᠠᠴᠢᠮ ᠠᠪᠤᠷᠠᠯᠲᠠ᠂ ᠪᠠᠴᠢᠮ | ᠪᠠᠶᠢᠳᠠᠯ ᠢ ᠰᠢᠢᠳᠪᠦᠷᠢᠯᠡᠬᠦ ᠵᠡᠷᠭᠡ ᠶᠢ ᠪᠠᠭᠳᠠᠭᠠᠨ᠎ᠠ᠂ ᠪᠡᠶ᠎ᠡ ᠣᠬᠢᠶᠠᠯᠭ᠎ᠠ ᠶᠢᠨ ᠲᠣᠰᠠᠯᠠᠮᠵᠢ ᠳᠤ ᠭᠡᠷ ᠲᠤᠨᠢ ᠬᠦᠷᠴᠦ | ᠬᠠᠪᠰᠤᠷᠤᠨ ᠣᠬᠢᠶᠠᠬᠤ ᠪᠤᠶᠤ ᠦᠢᠯᠡᠴᠢᠯᠡᠭᠡᠨ ᠤ ᠲᠥᠪ ᠲᠤ ᠪᠠᠨ ᠬᠠᠪᠰᠣᠷᠣᠨ ᠣᠬᠢᠶᠠᠬᠤ ᠦᠢᠯᠡᠴᠢᠯᠡᠭᠡ ᠶᠢ | ᠪᠠᠭᠳᠠᠭᠠᠨ᠎ᠠ᠂ ᠤᠷᠤᠯᠠᠵᠤ ᠬᠤᠳᠠᠯᠳᠣᠨ ᠠᠪᠬᠤ ᠲᠣᠰᠠᠯᠠᠮᠵᠢ ᠳᠤ ᠦᠨᠳᠦᠰᠦᠨ ᠠᠮᠢᠳᠣᠷᠠᠯ ᠤᠨ ᠬᠡᠷᠡᠭᠰᠡᠯ ᠢ | ᠤᠷᠤᠯᠠᠵᠤ ᠬᠤᠳᠠᠯᠳᠣᠨ ᠠᠪᠬᠤ᠂ ᠠᠮᠢᠳᠣᠷᠠᠯ ᠤᠨ ᠰᠦᠢᠳᠬᠡᠯ ᠢ ᠣᠷᠣᠯᠠᠨ ᠲᠣᠰᠢᠶᠠᠬᠤ ᠵᠡᠷᠭᠡ ᠶᠢ ᠪᠠᠭᠲᠠᠭᠠᠵᠣ᠂ | ᠨᠠᠰᠤᠲᠠᠶᠢᠴᠤᠳ ᠤᠨ ᠦᠨᠳᠦᠰᠤᠨ ᠠᠮᠢᠳᠤᠷᠠᠯ ᠤᠨ ᠬᠦᠴᠢᠷ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠎ᠠ᠃ | ᠣᠶᠢᠯᠠᠭᠠᠭᠰᠠᠨ ᠢᠶᠠᠷ᠂ ᠲᠣᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ | ᠣᠷᠣᠭᠤᠯᠣᠭᠰᠠᠨ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠣᠯᠠᠨ ᠡᠰᠢᠵᠢᠭᠦᠯᠵᠦ ᠨᠢᠭᠡ | ᠴᠣᠭᠴᠠᠵᠢᠭᠤᠯᠤᠭᠰᠠᠨ᠂ ᠨᠡᠶᠢᠭᠡᠮ ᠤᠨ ᠬᠦᠴᠦᠨ ᠥᠷᠭᠡᠨ ᠢᠶᠠᠷ ᠣᠷᠣᠯᠴᠠᠭᠰᠠᠨ ᠮᠠᠯᠵᠢᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ ᠪᠣᠶ ᠪᠣᠯᠭᠠᠵᠤ᠂ ᠬᠠᠷᠢᠶᠠᠲᠤ ᠣᠷᠣᠨ ᠤ | ᠨᠠᠰᠤᠲᠠᠶᠢᠴᠤᠳ ᠲᠤ ᠳᠥᠭᠦᠮ ᠳᠥᠲᠡ᠂ ᠲᠤᠰᠬᠠᠢ ᠮᠡᠷᠭᠡᠵᠢᠯ ᠤᠨ ᠬᠠᠷᠠᠭᠠᠯᠵᠠᠯ ᠬᠦᠷᠲᠡᠭᠡᠵᠦ᠂ ︽ᠵᠤᠯ ᠵᠢᠷᠭᠠᠯᠲᠠᠢ | ᠪᠠᠷ ᠨᠤᠲᠤᠭ ᠤᠷᠤᠨ ᠳᠤ ᠪᠠᠨ ᠦᠳᠡᠯᠦᠭᠡ ᠨᠠᠰᠤ ᠪᠠᠨ ᠦᠩᠭᠡᠷᠡᠭᠦᠯᠬᠦ︾ ᠶᠢ ᠦᠨᠡᠨ ᠬᠦ ᠪᠡᠶᠡᠯᠡᠭᠦᠯᠬᠦ ᠶᠢᠨ | ᠲᠥᠯᠥᠭᠡ ᠶᠤᠮ᠃ | | | | |