| ︵2024 ᠣᠨ ᠤ 9 ᠰᠠᠷ᠎ᠠ ᠶᠢᠨ 21 ᠤ ᠡᠳᠦᠷ︶ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 26 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠳᠤᠮᠳᠠᠳᠤ ᠤᠯᠤᠰ ᠤᠨ ᠣᠨᠴᠠᠯᠢᠭ ᠪᠦᠬᠦᠢ | ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ | ᠨᠡᠶᠢᠭᠡᠮ ᠵᠢᠷᠤᠮ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠬᠤ ᠪᠠᠷ ᠦᠨᠳᠦᠰᠦ ᠪᠤᠯᠭᠠᠵᠤ᠂ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ | ᠲᠣᠳᠣᠷᠬᠠᠢ᠂ ᠵᠠᠰᠠᠭ ᠤᠨ ᠣᠷᠳᠣᠨ ᠠᠵᠤ ᠠᠬᠤᠶᠢᠯᠠᠯ ᠢ ᠰᠠᠯᠭᠠᠬᠤ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠪᠠᠶᠢᠬᠤ ᠪᠠᠷ | ᠰᠠᠭᠤᠷᠢ ᠪᠤᠯᠭᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ | ᠤᠯᠠᠨ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠵᠢᠯ ᠤᠨ ᠳᠤᠮᠳᠠ ᠪᠠᠨ ᠳᠣᠣᠷᠠᠬᠢ ᠵᠦᠢᠯ ᠢ ᠪᠡᠶᠡᠯᠡᠭᠦᠯᠬᠦ ᠬᠡᠷᠡᠭᠲᠡᠢ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ | ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯ ᠤᠨ ᠪᠦᠲᠦᠮᠵᠢᠲᠡᠢ ᠪᠦᠷᠬᠦᠴᠡ ᠶᠢ ᠠᠬᠢᠭᠤᠯᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ᠣᠶᠠᠷ | ᠤᠬᠳᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ | ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠡᠯ᠎ᠡ ᠲᠦᠷᠦᠯ ᠤᠨ ᠠᠵᠤ | ᠠᠬᠤᠶᠢᠯᠠᠯ ᠤᠨ ᠳᠣᠲᠣᠭᠠᠳᠤ ᠶᠢᠨ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠭᠦᠢᠴᠡᠳ | ᠬᠥᠭᠵᠢᠭᠡᠬᠦ ᠬᠡᠷᠡᠭᠲᠡᠢ᠃ ᠳᠦᠷᠢᠮ ᠤᠨ ᠪᠠᠶᠢᠭᠤᠯᠤᠯᠲᠠ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠵᠤ᠂ ᠺᠤᠮᠫᠠᠨᠢ ᠶᠢ ᠵᠠᠰᠠᠬᠤ ᠪᠦᠲᠦᠴᠡ ᠪᠣᠯᠣᠨ ᠵᠣᠬᠢᠶᠠᠨ ᠪᠠᠶᠢᠭᠤᠯᠤᠯᠲᠠ ᠶᠢᠨ | ᠭᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠦᠨ᠂ ᠡᠯ᠎ᠡ | ᠲᠥᠷᠥᠯ ᠤᠨ ᠠᠵᠤ ᠠᠬᠤᠶᠢᠯᠠᠯ ᠢ ᠳᠡᠮᠵᠢᠬᠦ ᠪᠠ ᠬᠥᠲᠥᠯᠥᠨ ᠵᠢᠯᠤᠭᠤᠳᠴᠤ ᠪᠠᠶᠢᠭᠠᠳ ᠡᠬᠢ ᠪᠠᠶᠠᠯᠢᠭ ᠬᠦᠴᠦᠨ ᠵᠦᠢᠯ ᠤᠨ | ᠠᠰᠢᠭᠯᠠᠯᠲᠠ ᠶᠢᠨ ᠦᠷ᠎ᠡ ᠪᠦᠲᠦᠮᠵᠢ ᠪᠣᠯᠣᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠲᠥᠷᠥᠯ ᠬᠤᠪᠢᠶᠠᠨ ᠬᠥᠲᠥᠯᠥᠨ ᠵᠢᠯᠤᠭᠤᠳᠬᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠠᠵᠤ | ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ | ᠦᠨᠳᠦᠰᠦᠯᠡᠨ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠩ ᠠᠮᠢᠵᠢᠷᠠᠯ ᠤᠨ ᠬᠦᠴᠦᠨ ᠲᠠᠢ᠂ ᠨᠠᠩ ᠤᠶᠠᠨ | ᠬᠠᠲᠠᠨ ᠴᠢᠨᠠᠷᠲᠠᠢ᠂ ᠨᠠᠩ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ᠃ | ᠭᠤᠣᠯ ᠬᠠᠷᠠᠯᠲᠠ᠄ 5 ᠵᠢᠯ ᠰᠢᠬᠠᠮ ᠤᠨ ᠬᠤᠭᠤᠴᠠᠭᠠᠨ ᠳᠤ᠂ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ | ᠤᠯᠤᠰ ᠤᠨ ᠪᠠᠶᠢᠳᠠᠯ ᠳᠤ ᠨᠡᠶᠢᠴᠡᠭᠰᠡᠨ᠂ ᠪᠣᠳᠠᠲᠠᠢ ᠳᠤ ᠨᠡᠶᠢᠴᠡᠭᠰᠡᠨ᠂ ᠬᠥᠭᠵᠢᠯᠲᠡ ᠶᠢᠨ ᠬᠡᠷᠡᠭᠴᠡᠭᠡ ᠶᠢ ᠬᠠᠩᠭᠠᠭᠰᠠᠨ | ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠶᠢᠳᠡᠮ ᠲᠣᠭᠲᠠᠭᠠᠬᠤ ᠶᠢ | ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ | ᠪᠦᠲᠦᠴᠡ ᠶᠢ ᠨᠡᠩ ᠪᠦᠷᠢᠨᠰᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠨᠡᠩ ᠲᠡᠭᠦᠯᠳᠡᠷᠵᠢᠭᠦᠯᠵᠦ᠂ | ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠶᠢ ᠲᠤᠯᠭᠠᠭᠤᠷᠢᠯᠠᠵᠤ᠂ ᠨᠡᠶᠢᠭᠡᠮ ᠤᠨ | ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 2035 ᠣᠨ ᠪᠤᠯᠬᠤ ᠳᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠨᠡᠩ ᠲᠡᠭᠦᠯᠳᠡᠷᠵᠢᠭᠦᠯᠵᠦ᠂ ᠠᠵᠤ | ᠠᠬᠤᠶᠢᠯᠠᠯ ᠤᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ | ᠵᠡᠷᠭᠡ ᠶᠢᠨ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠬᠤᠶᠠᠷ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ | ︵ᠨᠢᠭᠡ︶ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠬᠤᠯᠠ ᠶᠡᠭᠡ ᠵᠦᠢᠯ ᠢ ᠶᠠᠷᠢᠯᠴᠠᠨ | ᠲᠣᠭᠲᠠᠭᠠᠬᠤ ᠵᠠᠭᠠᠭ ᠬᠢᠵᠠᠭᠠᠷ ᠢ ᠲᠣᠳᠣᠷᠬᠠᠶᠢᠯᠠᠵᠤ᠂ ᠤᠷᠢᠳᠠᠴᠢ ᠰᠤᠳᠤᠯᠤᠨ ᠶᠠᠷᠢᠯᠴᠠᠬᠤ ᠴᠢᠨᠠᠷ ᠴᠢᠨᠰᠠᠭ᠎ᠠ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠵᠠᠷᠴᠢᠮ ᠢ | ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ | ᠪᠦᠲᠦᠮᠵᠢᠲᠡᠢ ᠬᠡᠪ ᠵᠠᠭᠪᠤᠷ ᠢ ᠬᠠᠶᠢᠨ ᠰᠦᠪᠡᠭᠴᠢᠯᠡᠨ᠎ᠡ᠃ | ︵ᠬᠤᠶᠠᠷ︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠨ | ᠰᠠᠶᠢᠵᠢᠷᠠᠭᠤᠯᠤᠨ᠎ᠠ᠃ ᠠᠵᠤ ᠠᠬᠤᠶᠢᠯᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢ ᠬᠥᠲᠥᠯᠥᠨ | ᠵᠢᠯᠤᠭᠤᠳᠬᠤ ᠪᠠ ᠬᠢᠨᠠᠯᠲᠠ ᠲᠠᠯᠪᠢᠵᠤ᠂ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ | ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠮ ᠤᠨ | ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠬᠠᠮᠲᠤ ᠪᠠᠷ ᠰᠤᠷᠤᠯᠴᠠᠬᠤ᠂ | ᠣᠯᠣᠯᠴᠠᠨ ᠵᠥᠪᠳᠡᠯᠴᠡᠬᠦ ᠪᠠ ᠦᠨᠡᠨᠴᠢ ᠪᠠᠷ ᠶᠠᠷᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ | ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠ᠂ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ | ︵ᠭᠤᠷᠪᠠ︶ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠪᠦᠲᠦᠴᠡ ᠶᠢ ᠪᠦᠷᠢᠨᠰᠢᠭᠦᠯᠦᠨ᠎ᠡ᠃ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠡᠳ᠋ ᠬᠥᠷᠥᠩᠭᠡ ᠶᠢᠨ ᠡᠷᠬᠡ ᠶᠢ ᠭᠦᠨᠳᠦᠳᠭᠡᠵᠦ᠂ | ᠬᠠᠷᠢᠶᠠᠯᠠᠯ ᠨᠢ ᠲᠣᠳᠣᠷᠬᠠᠢ᠂ ᠪᠦᠲᠦᠴᠡ ᠨᠢ ᠵᠦᠢ ᠵᠣᠬᠢᠰᠲᠠᠢ᠂ ᠡᠷᠭᠢᠯᠲᠡ ᠨᠢ ᠤᠷᠤᠭᠰᠢᠲᠠᠢ ᠠᠵᠤ ᠠᠬᠤᠶᠢᠯᠠᠯ ᠤᠨ | ᠥᠮᠴᠢᠯᠡᠯ ᠤᠨ ᠡᠷᠬᠡ ᠶᠢᠨ ᠳᠦᠷᠢᠮ ᠢ ᠪᠤᠢ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠴᠢᠳᠠᠮᠵᠢ ᠶᠢᠨ | ᠪᠠᠶᠢᠷᠢ ᠲᠣᠭᠲᠠᠭᠠᠯᠲᠠ ᠪᠠᠨ ᠦᠨᠳᠦᠰᠦᠯᠡᠨ ᠰᠲ᠋ᠣᠺ ᠤᠨ ᠡᠷᠬᠡ ᠶᠢᠨ ᠪᠦᠲᠦᠴᠡ ᠪᠠᠨ ᠠᠯᠬᠤᠮ ᠠᠯᠬᠤᠮ ᠢᠶᠠᠷ ᠲᠣᠬᠢᠷᠠᠭᠤᠯᠤᠨ | ᠰᠢᠯᠢᠳᠡᠭᠵᠢᠭᠦᠯᠵᠦ᠂ ᠰᠲ᠋ᠣᠺ ᠤᠨ ᠡᠷᠬᠡ ᠶᠢᠨ ᠪᠦᠲᠦᠴᠡ ᠨᠢ ᠤᠯᠠᠨ ᠡᠰᠢᠵᠢᠭᠰᠡᠨ᠂ ᠬᠤᠪᠢ ᠣᠷᠣᠭᠤᠯᠤᠭᠴᠢ ᠶᠢᠨ ᠦᠢᠯᠡ | ᠠᠵᠢᠯᠯᠠᠭ᠎ᠠ ᠨᠢ ᠵᠢᠷᠤᠮᠵᠢᠬᠰᠠᠨ᠂ ᠳᠣᠲᠣᠭᠠᠳᠤ ᠶᠢᠨ ᠬᠢᠵᠠᠭᠠᠷᠯᠠᠯ ᠨᠢ ᠪᠦᠲᠦᠮᠵᠢᠲᠡᠢ᠂ ᠡᠷᠭᠢᠯᠲᠡ ᠨᠢ ᠥᠨᠳᠥᠷ ᠪᠦᠲᠦᠮᠵᠢᠲᠡᠢ | ᠪᠥᠭᠡᠳ ᠠᠮᠢᠳᠤᠯᠢᠭ ᠪᠠᠶᠢᠬᠤ ᠡᠵᠡᠩᠨᠡᠯᠲᠡ ᠶᠢᠨ ᠲᠣᠭᠲᠠᠴᠠ ᠶᠢ ᠪᠤᠢ ᠪᠣᠯᠭᠠᠨ᠎ᠠ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠳᠥᠭᠦᠮ ᠳᠥᠲᠡ᠂ ᠲᠣᠳᠣᠷᠬᠠᠢ᠂ ᠬᠠᠷᠢᠯᠴᠠᠨ ᠨᠡᠪᠲᠡᠷᠡᠵᠦ ᠪᠤᠯᠬᠤ ᠰᠲ᠋ᠣᠺ ᠤᠨ ᠡᠷᠬᠡ ᠶᠢᠨ ᠪᠦᠲᠦᠴᠡ | ᠪᠠᠶᠢᠭᠤᠯᠬᠤ ᠶᠢ ᠵᠣᠷᠢᠭᠵᠢᠭᠤᠯᠤᠨ᠎ᠠ᠃ | ︵ᠳᠥᠷᠪᠡ︶ ᠤᠯᠤᠰ ᠤᠨ ᠥᠮᠴᠢᠯᠠᠯ ᠤᠨ ᠠᠵᠤ ᠠᠬᠤᠶᠢᠯᠠᠯ ᠤᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠦᠨ᠎ᠡ᠃ | ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠡᠷᠬᠡ ᠬᠠᠷᠢᠭᠤᠴᠠᠯᠭ᠎ᠠ ᠶᠢ ᠢᠯᠡ ᠲᠣᠳᠣ ᠪᠠᠶᠢᠯᠭᠠᠬᠤ᠂ | ᠵᠣᠬᠢᠴᠠᠩᠭᠤᠢ ᠪᠠᠷ ᠠᠵᠢᠯᠯᠠᠬᠤ᠂ ᠪᠦᠲᠦᠮᠵᠢᠲᠡᠢ ᠪᠠᠷ ᠬᠠᠷᠢᠯᠴᠠᠨ ᠬᠢᠵᠠᠭᠠᠷᠯᠠᠬᠤ ᠺᠤᠮᠫᠠᠨᠢ ᠶᠢ ᠵᠠᠰᠠᠬᠤ ᠲᠣᠭᠲᠠᠴᠠ ᠶᠢ | ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠺᠤᠮᠫᠠᠨᠢ ᠶᠢᠨ ᠵᠠᠰᠠᠯᠲᠠ ᠳᠠᠬᠢ ᠳᠦᠷᠢᠮ ᠲᠣᠭᠲᠠᠭᠠᠯ ᠤᠨ ᠰᠠᠭᠤᠷᠢ ᠪᠤᠯᠬᠤ | ᠦᠢᠯᠡᠳᠦᠯ ᠢ ᠴᠢᠩᠭᠠᠳᠬᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠢᠭᠯᠡᠯ ᠢ ᠡᠵᠡᠮᠳᠡᠬᠦ᠂ ᠶᠡᠭᠡ | ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠤᠨ᠎ᠠ᠃ ᠬᠤᠪᠢ | ᠣᠷᠣᠭᠤᠯᠤᠭᠴᠢᠳ ᠤᠨ ᠵᠥᠪᠯᠡᠯ ᠪᠣᠯ ᠺᠤᠮᠫᠠᠨᠢ ᠶᠢᠨ ᠡᠷᠬᠡᠲᠦ ᠪᠠᠶᠢᠭᠤᠯᠤᠮᠵᠢ ᠮᠥᠨ᠂ ᠬᠤᠪᠢ ᠣᠷᠣᠭᠤᠯᠤᠭᠴᠢ ᠪᠡᠯᠡ | ᠭᠠᠷᠭᠠᠭᠰᠠᠨ ᠬᠠᠷᠢᠴᠠᠯ ᠪᠠ ᠳᠦᠷᠢᠮ ᠤᠨ ᠶᠣᠰᠣᠭᠠᠷ ᠪᠠᠲᠤᠯᠠᠯᠲᠠ ᠬᠢᠬᠦ ᠡᠷᠬᠡ ᠪᠠᠨ ᠬᠡᠷᠡᠭᠵᠢᠭᠦᠯᠵᠦ᠂ ᠳᠦᠷᠢᠮ ᠤᠨ | ᠲᠣᠭᠲᠠᠭᠠᠯ ᠠᠴᠠ ᠬᠡᠲᠦᠷᠡᠭᠦᠯᠦᠨ ᠠᠵᠤ ᠠᠬᠤᠶᠢᠯᠠᠯ ᠤᠨ ᠡᠳᠦᠷ ᠲᠤᠳᠤᠮ ᠤᠨ ᠡᠵᠡᠩᠨᠡᠯᠲᠡ ᠳᠤ ᠭᠠᠷ ᠲᠦᠷᠦᠵᠤ ᠪᠤᠯᠬᠤ | ᠦᠭᠡᠢ᠃ ᠬᠡᠷᠡᠭ ᠮᠡᠳᠡᠭᠴᠢᠳ ᠤᠨ ᠵᠥᠪᠯᠡᠯ ᠨᠢ ᠪᠠᠶᠢᠯᠳᠤᠬᠤ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ ᠦᠢᠯᠡᠳᠦᠯ ᠢᠶᠠᠨ ᠪᠠᠳᠠᠷᠠᠭᠤᠯᠵᠤ᠂ ᠪᠦᠯᠦᠭᠯᠡᠯ ᠤᠨ ᠶᠡᠷᠦᠩᠬᠡᠢ ᠬᠡᠯᠲᠡᠰ ᠤᠨ ᠡᠷᠬᠡ | ᠣᠯᠭᠤᠬᠤ ᠡᠷᠬᠡ ᠶᠢ ᠳᠣᠷᠣᠭᠰᠢ ᠪᠠᠭᠤᠯᠭᠠᠬᠤ ᠬᠢᠭᠡᠳ ᠬᠤᠪᠢᠶᠠᠷᠢ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ | ᠵᠥᠪᠯᠡᠯ ᠤᠨ ᠡᠷᠬᠡ ᠲᠤᠰᠢᠶᠠᠯ ᠢ ᠪᠦᠯᠦᠭ ᠲᠥᠷᠥᠯ ᠬᠤᠪᠢᠶᠠᠨ ᠨᠠᠶᠢᠳᠠᠪᠤᠷᠢᠵᠢᠭᠤᠯᠬᠤ ᠶᠢ ᠣᠷᠭᠠᠨᠢᠭ ᠢᠶᠠᠷ ᠵᠣᠯᠭᠠᠭᠤᠯᠬᠤ ᠶᠢ | ᠠᠬᠢᠭᠤᠯᠵᠤ᠂ ᠬᠡᠷᠡᠭ ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠳᠦᠷᠢᠮ ᠢ | ᠵᠢᠷᠤᠮᠵᠢᠭᠤᠯᠤᠨ ᠨᠠᠶᠢᠳᠠᠪᠤᠷᠢᠵᠢᠭᠤᠯᠤᠨ᠎ᠠ᠃ ᠭᠠᠳᠠᠨᠠᠬᠢ ᠬᠡᠷᠡᠭ ᠮᠡᠳᠡᠭᠴᠢ ᠶᠢ ᠦᠨᠡᠯᠡᠬᠦ ᠪᠠ ᠤᠷᠮᠠᠰᠢᠭᠤᠯᠤᠨ ᠬᠢᠵᠠᠭᠠᠷᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠨᠠᠬᠢ ᠬᠡᠷᠡᠭ ᠮᠡᠳᠡᠭᠴᠢ ᠶᠢᠨ ᠪᠠᠶᠢᠳᠠᠯ ᠢ ᠮᠡᠳᠡᠬᠦ ᠡᠷᠬᠡ᠂ ᠪᠠᠲᠤᠯᠠᠯᠲᠠ ᠬᠢᠬᠦ ᠡᠷᠬᠡ᠂ | ᠬᠢᠨᠠᠯᠲᠠ ᠲᠠᠯᠪᠢᠬᠤ ᠡᠷᠬᠡ᠂ ᠰᠠᠨᠠᠭᠤᠯᠭ᠎ᠠ ᠳᠤᠷᠠᠳᠬᠤ ᠡᠷᠬᠡ ᠶᠢ ᠨᠠᠶᠢᠳᠠᠪᠤᠷᠢᠵᠢᠭᠤᠯᠤᠨ᠎ᠠ᠃ ᠳᠠᠭᠠᠭᠠᠮᠠᠯ ᠤᠨ ᠳᠠᠪᠬᠤᠷᠭ᠎ᠠ ᠨᠢ | ᠡᠵᠡᠩᠨᠡᠯᠲᠡ ᠬᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠮᠢᠶᠠᠷᠤᠯᠲᠠ ᠪᠠᠨ ᠴᠢᠩᠭᠠᠳᠬᠠᠬᠤ ᠦᠢᠯᠡᠳᠦᠯ ᠢᠶᠠᠨ | ᠪᠠᠳᠠᠷᠠᠭᠤᠯᠵᠤ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢ ᠪᠦᠭᠦ ᠲᠠᠯ᠎ᠠ ᠪᠠᠷ | ᠠᠬᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠳᠠᠭᠠᠭᠠᠮᠠᠯ ᠤᠨ | ᠳᠠᠪᠬᠤᠷᠭ᠎ᠠ ᠶᠢᠨ ᠪᠦᠷᠢᠯᠳᠦᠭᠦᠨ ᠤ ᠲᠤᠰᠢᠶᠠᠯ ᠡᠭᠦᠷᠭᠡᠯᠡᠬᠦ ᠬᠤᠭᠤᠴᠠᠭᠠᠨ ᠤ ᠳᠦᠷᠢᠮ ᠪᠠ ᠭᠡᠷᠡᠲᠦ ᠬᠠᠮᠢᠶᠠᠷᠤᠯᠲᠠ ᠶᠢᠨ | ᠠᠷᠭ᠎ᠠ ᠮᠠᠶ᠋ᠢᠭ ᠢᠶᠠᠷ ᠯᠠᠪᠯᠠᠯᠲᠠ ᠪᠤᠯᠭᠠᠵᠤ᠂ ᠬᠠᠮᠢᠶᠠᠷᠤᠯᠲᠠ ᠶᠢᠨ ᠠᠵᠢᠯᠲᠠᠨ ᠤ ᠡᠵᠡᠩᠨᠡᠯᠲᠡ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠡᠩ ᠶᠡᠭᠡ ᠬᠡᠪᠴᠢᠶ᠎ᠡ ᠪᠠᠷ᠂ ᠲᠡᠰ ᠳᠠᠪᠬᠤᠷᠭ᠎ᠠ ᠬᠤᠪᠢᠶᠠᠨ ᠲᠦᠷᠦᠯ ᠬᠤᠪᠢᠶᠠᠨ ᠨᠠᠶᠢᠳᠠᠪᠤᠷᠢᠵᠢᠭᠤᠯᠤᠨ᠎ᠠ᠃ | ︵ᠲᠠᠪᠤ︶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ | ᠰᠢᠯᠢᠳᠡᠭᠵᠢᠭᠦᠯᠬᠦ ᠶᠢ ᠳᠡᠮᠵᠢᠨ᠎ᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠳᠠᠲᠤ ᠪᠠᠶᠢᠳᠠᠯ ᠢᠶᠠᠨ | ᠦᠨᠳᠦᠰᠦᠯᠡᠨ ᠬᠤᠷᠰᠢᠬᠤ ᠳᠦᠷᠢᠮ᠂ ᠺᠤᠮᠫᠠᠨᠢ ᠶᠢᠨ ᠳᠦᠷᠢᠮ ᠵᠡᠷᠭᠡ ᠤᠯᠠᠨ ᠵᠦᠢᠯ ᠤᠨ ᠵᠣᠬᠢᠶᠠᠨ ᠪᠠᠶᠢᠭᠤᠯᠤᠯᠲᠠ ᠶᠢᠨ | ᠭᠡᠯᠪᠡᠷᠢ ᠮᠠᠶ᠋ᠢᠭ ᠠᠪᠬᠤ ᠶᠢ ᠵᠣᠷᠢᠭᠵᠢᠭᠤᠯᠤᠨ᠂ ᠳᠣᠲᠣᠭᠠᠳᠤ ᠵᠠᠰᠠᠯᠲᠠ ᠶᠢᠨ ᠳᠦᠷᠢᠮ ᠢᠶᠠᠨ ᠲᠡᠭᠦᠯᠳᠡᠷᠵᠢᠭᠦᠯᠦᠨ᠂ | ᠵᠢᠷᠤᠮᠵᠢᠬᠰᠠᠨ ᠳᠦᠷᠢᠮ ᠲᠣᠭᠲᠠᠭᠠᠵᠤ᠂ ᠳᠦᠷᠢᠮ ᠬᠢᠭᠡᠳ ᠪᠡᠯᠡ ᠭᠠᠷᠭᠠᠬᠤ ᠵᠥᠪᠯᠡᠯᠴᠡᠭᠡᠷ ᠤᠨ ᠨᠢᠭᠡᠳᠦᠯᠲᠦ ᠴᠢᠨᠠᠷ ᠢ | ᠪᠠᠲᠤᠯᠠᠨ᠂ ᠬᠤᠪᠢ ᠡᠵᠡᠮᠳᠡᠬᠦ ᠬᠤᠪᠢ ᠣᠷᠣᠭᠤᠯᠤᠭᠴᠢ᠂ ᠪᠣᠳᠠᠲᠠᠢ ᠡᠵᠡᠮᠳᠡᠭᠴᠢ ᠶᠢᠨ ᠥᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠠᠰᠠᠯᠲᠠ ᠶᠢᠨ ᠪᠦᠲᠦᠴᠡ ᠪᠠ ᠬᠠᠮᠢᠶᠠᠷᠤᠯᠲᠠ ᠶᠢᠨ | ᠳᠦᠷᠢᠮ ᠢᠶᠠᠨ ᠲᠡᠭᠦᠯᠳᠡᠷᠵᠢᠭᠦᠯᠬᠦ ᠶᠢ ᠳᠡᠮᠵᠢᠨ ᠵᠢᠯᠤᠭᠤᠳᠴᠤ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠤᠪᠢ ᠣᠷᠣᠭᠤᠯᠤᠭᠴᠢᠳ ᠤᠨ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ | ᠳᠠᠪᠬᠤᠷᠭ᠎ᠠ ᠪᠠᠨ ᠵᠢᠷᠤᠮᠵᠢᠭᠤᠯᠤᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ᠎ᠠ᠃ ᠲᠥᠷᠥᠯ ᠤᠭᠰᠠᠭ᠎ᠠ ᠶᠢᠨ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠵᠠᠭᠪᠤᠷ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠤ ᠠᠬᠤᠶᠢᠯᠠᠯ ᠤᠨ ᠰᠣᠶᠣᠯ ᠤᠨ | ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ︵ᠵᠢᠷᠭᠤᠭ᠎ᠠ︶ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠬᠦ ᠳᠤ ᠦᠵᠡᠭᠦᠯᠭᠦ ᠬᠥᠷᠥᠩᠭᠡ ᠶᠢᠨ ᠵᠠᠬ᠎ᠠ ᠳᠡᠯᠭᠡᠭᠦᠷ ᠤᠨ | ᠠᠬᠢᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠪᠢ ᠡᠵᠡᠮᠳᠡᠬᠦ ᠬᠤᠪᠢ ᠣᠷᠣᠭᠤᠯᠤᠭᠴᠢ ᠶᠢᠨ ᠺᠤᠮᠫᠠᠨᠢ ᠳᠠᠬᠢ ᠦᠨᠡᠨᠴᠢ | ᠢᠲᠡᠭᠡᠮᠵᠢ ᠶᠢᠨ ᠡᠭᠦᠷᠭᠡ ᠶᠢ ᠴᠢᠩᠭᠠᠳᠬᠠᠵᠤ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠬᠤᠪᠢ | ᠡᠵᠡᠮᠳᠡᠬᠦ ᠬᠠᠷᠢᠴᠠᠯ ᠨᠢ 5% ᠠᠴᠠ ᠳᠡᠭᠡᠭᠰᠢᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠵᠤ | ᠢᠳᠡᠪᠬᠢᠲᠡᠢ ᠬᠤᠪᠢ ᠣᠷᠣᠭᠤᠯᠤᠭᠴᠢ ᠪᠤᠯᠭᠠᠬᠤ ᠶᠢ ᠳᠡᠮᠵᠢᠨ᠎ᠡ᠃ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ | ᠺᠤᠮᠫᠠᠨᠢ ᠶᠢᠨ ᠪᠡᠶ᠎ᠡ ᠪᠠᠨ ᠳᠠᠭᠠᠭᠠᠭᠰᠠᠨ ᠬᠡᠷᠡᠭ ᠮᠡᠳᠡᠭᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠶ᠎ᠡ ᠪᠠᠨ | ᠳᠠᠭᠠᠭᠠᠭᠰᠠᠨ ᠬᠡᠷᠡᠭ ᠮᠡᠳᠡᠭᠴᠢ ᠣᠯᠠᠩᠬᠢ ᠲᠤᠭ᠎ᠠ ᠶᠢ ᠡᠵᠡᠯᠡᠭᠰᠡᠨ ᠬᠢᠨᠠᠨ ᠪᠤᠳᠣᠬᠤ ᠵᠥᠪᠯᠡᠯ ᠪᠣᠯᠣᠨ ᠪᠡᠶ᠎ᠡ ᠪᠠᠨ | ᠳᠠᠭᠠᠭᠠᠭᠰᠠᠨ ᠬᠡᠷᠡᠭ ᠮᠡᠳᠡᠭᠴᠢ ᠶᠢᠨ ᠲᠤᠰᠬᠠᠢ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠰᠠᠯᠲᠠ ᠶᠢᠨ ᠬᠦᠷᠢᠶ᠎ᠡ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ | ᠲᠡᠭᠦᠯᠳᠡᠷᠵᠢᠭᠦᠯᠵᠦ᠂ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠭᠦ ᠶᠢ ᠠᠬᠢᠭᠤᠯᠤᠨ᠎ᠠ᠃ | ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ | ︵ᠲᠤᠯᠤᠭ᠎ᠠ︶ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠴᠢᠳᠠᠪᠤᠷᠢ ᠶᠢ ᠴᠢᠩᠭᠠᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠬᠢᠭᠡᠳ ᠣᠨ ᠤ ᠲᠥᠯᠥᠪᠯᠡᠭᠡ᠂ ᠪᠡᠯᠡ | ᠣᠷᠣᠭᠤᠯᠤᠯᠲᠠ ᠶᠢᠨ ᠲᠥᠯᠥᠪᠯᠡᠭᠡ᠂ ᠡᠳ᠋ ᠤᠨ ᠶᠠᠪᠤᠳᠠᠯ ᠤᠨ ᠲᠥᠰᠥᠪ᠂ ᠲᠤᠰᠢᠶᠠᠯ ᠡᠭᠦᠷᠭᠡᠯᠡᠬᠦ ᠬᠤᠭᠤᠴᠠᠭᠠᠨ ᠤ ᠠᠵᠢᠯ ᠤᠨ | ᠠᠮᠵᠢᠯᠲᠠ ᠶᠢ ᠬᠢᠨᠠᠨ ᠰᠢᠯᠭᠠᠬᠤ᠂ ᠣᠨ ᠤ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠶᠢᠨ ᠬᠠᠮᠲᠤᠷᠠᠨ | ᠬᠥᠳᠡᠯᠦᠯᠴᠡᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠳᠤ ᠰᠠᠭᠤᠷᠢᠯᠠᠨ ᠭᠤᠣᠯ ᠬᠠᠷᠢᠭᠤᠴᠠᠯᠭ᠎ᠠ ᠭᠤᠣᠯ ᠠᠵᠢᠯ ᠢ ᠡᠮᠬᠢᠯᠡᠨ ᠲᠣᠳᠣᠷᠬᠠᠶᠢᠯᠠᠵᠤ᠂ | ᠮᠡᠷᠭᠡᠵᠢᠯ᠂ ᠴᠢᠳᠠᠪᠤᠷᠢᠲᠠᠨ᠂ ᠪᠡᠯᠡ ᠮᠥᠩᠭᠦ ᠵᠡᠷᠭᠡ ᠡᠯ᠎ᠡ ᠲᠥᠷᠥᠯ ᠤᠨ ᠬᠦᠴᠦᠨ ᠵᠦᠢᠯ ᠢ ᠭᠤᠣᠯ ᠠᠵᠢᠯ ᠲᠡᠶᠢᠰᠢ | ᠲᠥᠪᠯᠡᠷᠡᠭᠦᠯᠬᠦ ᠶᠢ ᠠᠬᠢᠭᠤᠯᠤᠨ᠂ ᠰᠣᠬᠤᠷ ᠪᠠᠯᠠᠢ ᠪᠠᠷ ᠣᠯᠠᠨ ᠡᠰᠢᠵᠢᠭᠦᠯᠦᠨ ᠥᠷᠭᠡᠳᠬᠡᠬᠦ ᠪᠠ ᠡᠮᠬᠢ ᠵᠢᠷᠤᠮ ᠦᠭᠡᠢ ᠪᠠᠷ | ᠥᠷᠭᠡᠳᠬᠡᠬᠦ ᠶᠢ ᠰᠡᠷᠭᠡᠶᠢᠯᠡᠨ ᠬᠤᠷᠢᠭᠯᠠᠨ᠎ᠠ᠃ | ︵ᠨᠠᠢᠮᠠ︶ ᠳᠣᠲᠣᠭᠠᠳᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠪᠦᠯᠦᠭᠯᠡᠯ ᠤᠨ ᠶᠡᠷᠦᠩᠬᠡᠢ ᠬᠡᠯᠲᠡᠰ ᠤᠨ ᠬᠠᠷᠢᠶ᠎ᠠ | ᠠᠵᠤ ᠠᠬᠤᠶᠢᠯᠠᠯ ᠢᠶᠠᠨ ᠵᠢᠯᠣᠭᠤᠳᠤᠨ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠬᠤ ᠪᠠ | ᠬᠤᠯᠪᠣᠭᠳᠠᠬᠤ ᠠᠷᠠᠯᠵᠢᠶᠠᠨ ᠤ ᠬᠠᠮᠢᠶᠠᠷᠤᠯᠲᠠ ᠶᠢ ᠠᠬᠢᠭᠤᠯᠤᠨ᠎ᠠ᠃ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ | ᠳᠣᠲᠣᠭᠠᠳᠤ ᠡᠵᠡᠮᠳᠡᠯ᠂ ᠬᠠᠤᠯᠢ ᠶᠢᠨ ᠶᠠᠪᠤᠳᠠᠯ ᠤᠨ ᠪᠠᠶᠢᠭᠤᠯᠤᠮᠵᠢ ᠪᠠᠶᠢᠭᠤᠯᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠪᠠᠨ | ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠳᠣᠲᠣᠭᠠᠳᠤ ᠳᠠᠬᠢ ᠢᠯᠵᠢᠷᠡᠯ ᠢ ᠡᠰᠡᠷᠭᠦᠴᠡᠬᠦ ᠪᠠᠶᠢᠭᠤᠯᠤᠯ ᠢ ᠨᠢ ᠲᠡᠭᠦᠯᠳᠡᠷᠵᠢᠭᠦᠯᠵᠦ᠂ ᠬᠢᠨᠠᠨ ᠪᠤᠳᠣᠵᠤ ᠬᠢᠨᠠᠯᠲᠠ | ᠲᠠᠯᠪᠢᠬᠤ ᠰᠢᠰᠲ᠋ᠧᠮ ᠪᠣᠯᠣᠨ ᠡᠳ᠋ ᠤᠨ ᠶᠠᠪᠤᠳᠠᠯ ᠨᠢᠭᠲᠠᠯᠠᠨ ᠪᠤᠳᠣᠬᠤ ᠴᠢᠩᠭ᠎ᠠ ᠪᠠᠶᠢᠭᠤᠯᠤᠯ ᠢ ᠪᠠᠶᠢᠭᠤᠯᠤᠨ᠎ᠠ᠃ | ︵ᠶᠢᠰᠦ︶ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠪᠦᠯᠦᠭᠯᠡᠯ ᠺᠤᠮᠫᠠᠨᠢ ᠨᠤᠭᠤᠳ ᠣᠯᠠᠨ ᠳᠡᠰ ᠳᠠᠪᠬᠤᠷᠭ᠎ᠠ ᠪᠦᠬᠦᠢ ᠲᠦᠭᠰᠢᠭᠦᠷᠢ ᠶᠢ ᠰᠡᠷᠡᠮᠵᠢᠯᠡᠬᠦ ᠪᠠ | ᠰᠡᠷᠭᠡᠶᠢᠯᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠡᠯᠡ | ᠣᠷᠣᠭᠤᠯᠤᠨ ᠡᠵᠡᠩᠨᠡᠬᠦ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠳᠣᠲᠣᠭᠠᠳᠤ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠭᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ | ᠵᠦᠢᠯ ᠤᠨ ᠱᠠᠭᠠᠷᠳᠠᠯᠭ᠎ᠠ ᠶᠢ ᠡᠵᠡᠩᠨᠡᠯᠲᠡ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠣᠷᠣᠭᠤᠯᠤᠨ᠎ᠠ᠃ | ︵ᠠᠷᠪᠠ︶ ᠰᠢᠨᠵᠢᠯᠡᠬᠦ ᠤᠬᠠᠭᠠᠨᠴᠢ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ | ᠪᠦᠭᠦ ᠲᠠᠯ᠎ᠠ ᠶᠢᠨ ᠲᠥᠰᠥᠪ ᠤᠨ ᠬᠠᠮᠢᠶᠠᠷᠤᠯᠲᠠ ᠪᠠ ᠪᠦᠭᠦ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠬᠠᠮᠢᠶᠠᠷᠤᠯᠲᠠ ᠶᠢᠨ ᠲᠠᠰ ᠱᠠᠲᠤ᠂ ᠬᠠᠤᠯᠢ ᠶᠢᠨ ᠡᠷᠬᠡᠲᠡᠨ ᠤ ᠲᠠᠰ ᠱᠠᠲᠤ ᠶᠢ | ᠵᠦᠢ ᠵᠣᠬᠢᠰᠲᠠᠢ ᠡᠵᠡᠮᠳᠡᠨ᠂ ᠲᠣᠭᠠᠴᠢᠯᠠᠭᠰᠠᠨ ᠮᠡᠷᠭᠡᠵᠢᠯ ᠬᠢᠭᠡᠳ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ | ᠬᠠᠮᠢᠶᠠᠷᠤᠯᠲᠠ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ | ᠳᠣᠣᠷ᠎ᠠ᠂ ᠠᠵᠤ ᠠᠬᠤᠶᠢᠯᠠᠯ ᠤᠨ ᠳ᠋ᠠᠶᠢᠲ᠋ᠠ ᠶᠢ ᠵᠠᠰᠠᠬᠤ ᠪᠠ ᠳ᠋ᠠᠶᠢᠲ᠋ᠠ ᠶᠢ ᠭᠦᠢᠯᠭᠡᠭᠡᠨ ᠳᠤ ᠬᠡᠷᠡᠭᠯᠡᠬᠦ ᠴᠢᠳᠠᠪᠤᠷᠢ ᠶᠢ | ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠠᠵᠢᠯᠲᠠᠨ ᠠᠵᠢᠯᠴᠢᠨ ᠤ | ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ ᠭᠡᠯᠪᠡᠷᠢ ᠪᠤᠯᠭᠠᠬᠰᠠᠨ ᠠᠵᠤ ᠠᠬᠤᠶᠢᠯᠠᠯ ᠤᠨ ᠠᠷᠠᠳᠴᠢᠯᠠᠭᠰᠠᠨ | ᠬᠠᠮᠢᠶᠠᠷᠤᠯᠲᠠ ᠶᠢᠨ ᠪᠠᠶᠢᠭᠤᠯᠤᠯ ᠢ ᠪᠦᠷᠢᠨᠰᠢᠭᠦᠯᠦᠨ᠂ ᠠᠵᠢᠯᠲᠠᠨ ᠠᠵᠢᠯᠴᠢᠨ ᠤ ᠬᠡᠷᠡᠭ ᠮᠡᠳᠡᠭᠴᠢ ᠶᠢᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠦᠨ᠎ᠡ᠃ ᠠᠵᠢᠯᠴᠢᠨ ᠤ ᠡᠪᠯᠡᠯ ᠵᠡᠷᠭᠡ ᠣᠯᠠᠨ ᠲᠦᠮᠡᠨ ᠤ ᠪᠦᠯᠭᠦᠮ ᠤᠨ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠴᠠᠯᠢᠩ ᠢ ᠬᠠᠮᠲᠤ ᠪᠠᠷ ᠵᠥᠪᠳᠡᠯᠴᠡᠬᠦ ᠪᠠᠶᠢᠭᠤᠯᠤᠯ ᠢ | ᠢᠳᠡᠪᠬᠢᠲᠡᠢ ᠪᠠᠷ ᠬᠡᠷᠡᠭᠵᠢᠭᠦᠯᠦᠨ᠂ ᠠᠵᠤ ᠠᠬᠤᠶᠢᠯᠠᠯ ᠤᠨ ᠪᠣᠳᠠᠲᠠᠢ ᠲᠠᠢ ᠨᠡᠶᠢᠴᠡᠭᠰᠡᠨ᠂ ᠬᠡᠷᠡᠭᠵᠢᠭᠦᠯᠵᠦ ᠪᠣᠯᠬᠤᠶᠢᠴᠠ | ᠴᠢᠨᠠᠷᠲᠠᠢ ᠬᠠᠮᠲᠤ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠤᠨ᠎ᠠ᠃ | ᠲᠠᠪᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠪᠠᠶᠢᠭᠤᠯᠤᠯ ᠢ ᠪᠦᠷᠢᠨᠰᠢᠭᠦᠯᠦᠨ᠎ᠡ | ︵ᠠᠷᠪᠠᠨ ᠨᠢᠭᠡ︶ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ | ᠭᠡᠯᠪᠡᠷᠢ ᠶᠢ ᠪᠤᠢ ᠪᠣᠯᠭᠠᠨ᠎ᠠ᠃ ᠠᠵᠤ ᠠᠬᠤᠶᠢᠯᠠᠯ ᠤᠨ ᠨᠢᠭᠡ ᠪᠦᠯᠦᠭ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ | ᠪᠠᠶᠢᠭᠤᠯᠤᠮᠵᠢ᠂ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠣᠷᠣᠭᠤᠯᠤᠨ ᠠᠪᠴᠢᠷᠠᠬᠤ ᠪᠤᠶᠤ ᠬᠠᠮᠲᠤ ᠪᠠᠷ | ᠪᠠᠶᠢᠭᠤᠯᠬᠤ ᠶᠢ ᠠᠬᠢᠭᠤᠯᠵᠤ᠂ ᠬᠠᠮᠵᠢᠯᠴᠠᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠬᠡᠷᠡᠭᠵᠢᠭᠦᠯᠦᠨ᠎ᠡ᠃ ᠲᠣᠮᠣ ᠭᠡᠯᠪᠡᠷᠢ ᠶᠢᠨ | ᠠᠵᠤ ᠠᠬᠤᠶᠢᠯᠠᠯ ᠤᠨ ᠬᠤᠳᠠᠯᠳᠤᠨ ᠠᠪᠬᠤ ᠪᠠᠷᠢᠮᠵᠢᠶ᠎ᠠ ᠪᠠᠨ ᠰᠢᠯᠢᠳᠡᠭᠵᠢᠭᠦᠯᠬᠦ᠂ ᠮᠡᠷᠭᠡᠵᠢᠯ ᠤᠨ ᠪᠠᠷᠢᠮᠵᠢᠶ᠎ᠠ ᠪᠠᠨ | ᠳᠡᠭᠡᠭᠰᠢᠯᠡᠭᠦᠯᠭᠦ ᠶᠢ ᠠᠬᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠪᠠᠨ ᠬᠠᠷᠢᠯᠴᠠᠨ ᠨᠡᠪᠲᠡᠷᠡᠭᠦᠯᠬᠦ ᠶᠢ ᠪᠡᠶᠡᠯᠡᠭᠦᠯᠦᠨ᠂ ᠳᠤᠮᠳᠠ | ᠪᠠᠭ᠎ᠠ ᠵᠢᠵᠢᠭ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠡᠬᠢ ᠪᠠᠶᠠᠯᠢᠭ ᠢ ᠴᠢᠯᠦᠭᠡᠲᠡᠢ ᠨᠡᠭᠡᠭᠡᠵᠦ᠂ ᠮᠡᠷᠭᠡᠵᠢᠯ ᠢᠶᠠᠷ | ᠬᠥᠲᠥᠯᠥᠨ ᠳᠠᠭᠠᠭᠤᠯᠬᠤ ᠪᠠ ᠣᠨᠳᠣᠣᠰᠢᠭᠤᠯᠬᠤ ᠳᠡᠮᠵᠢᠯᠭᠡ ᠬᠠᠩᠭᠠᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠦᠨ | ᠦᠢᠯᠡᠰ ᠪᠣᠰᠬᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | | ︵ᠠᠷᠪᠠᠨ ᠬᠤᠶᠠᠷ︶ ᠰᠢᠨ᠎ᠡ ᠶᠢ ᠡᠭᠦᠳᠬᠦ ᠬᠦᠴᠦᠨ ᠵᠦᠢᠯ ᠢ ᠥᠨᠳᠥᠷ ᠪᠦᠲᠦᠮᠵᠢᠲᠡᠢ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠨᠡᠭᠡᠭᠡᠯᠲᠡᠲᠤ ᠭᠡᠯᠪᠡᠷᠢ ᠶᠢᠨ ᠠᠵᠤ ᠠᠬᠤᠶᠢᠯᠠᠯ ᠤᠨ ᠴᠢᠳᠠᠪᠤᠷᠢᠲᠠᠨ ᠤ ᠳᠦᠷᠢᠮ ᠢ ᠲᠡᠭᠦᠯᠳᠡᠷᠵᠢᠭᠦᠯᠵᠦ᠂ | ᠠᠵᠤ ᠠᠬᠤᠶᠢᠯᠠᠯ ᠬᠢᠭᠡᠳ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠤᠣᠰ ᠴᠢᠭᠯᠡᠯ ᠢᠶᠠᠷ ᠰᠢᠯᠵᠢᠭᠦ ᠲᠣᠭᠲᠠᠴᠠ ᠶᠢ ᠪᠦᠷᠢᠨᠰᠢᠭᠦᠯᠦᠨ᠎ᠡ᠃ | ᠠᠵᠤ ᠠᠬᠤᠶᠢᠯᠠᠯ ᠤᠨ ᠮᠡᠷᠭᠡᠵᠢᠯ ᠢ ᠣᠨᠳᠣᠣᠰᠢᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ | ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠤᠬᠠᠭᠳᠠᠬᠤᠨ ᠢᠶᠠᠷ | ᠰᠢᠯᠭᠠᠨ ᠪᠠᠲᠤᠯᠠᠬᠤ᠂ ᠪᠠᠭ᠎ᠠ ᠳᠤᠮᠳᠠ ᠵᠡᠷᠭᠡ ᠶᠢᠨ ᠲᠤᠷᠰᠢᠯᠲᠠ ᠬᠢᠬᠦ᠂ ᠪᠠᠶᠢᠴᠠᠭᠠᠨ ᠭᠡᠷᠡᠴᠢᠯᠡᠬᠦ ᠵᠡᠷᠭᠡ ᠮᠡᠷᠭᠡᠵᠢᠯ ᠤᠨ | ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠦᠷᠢᠮ ᠢ ᠬᠤᠪᠢᠷᠠᠭᠤᠯᠬᠤ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠲᠦᠷᠭᠡᠳᠬᠡᠵᠦ᠂ ᠲᠤᠰᠢᠶᠠᠯ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠢ ᠲᠣᠭᠲᠠᠭᠠᠯ ᠶᠣᠰᠣᠭᠠᠷ ᠥᠷᠨᠢᠭᠦᠯᠦᠨ᠎ᠡ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠬᠥᠩᠭᠡᠨ ᠬᠥᠷᠥᠩᠭᠡ ᠶᠢᠨ ᠣᠨᠴᠠᠯᠢᠭ ᠲᠤ ᠲᠣᠬᠢᠷᠠᠬᠤ ᠮᠥᠩᠭᠦᠨ | ᠭᠦᠢᠯᠭᠡᠭᠡᠨ ᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ | ︵ᠠᠷᠪᠠᠨ ᠭᠤᠷᠪᠠ︶ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠬᠰᠠᠨ ᠤᠷᠮᠠᠰᠢᠭᠤᠯᠬᠤ ᠲᠣᠭᠲᠠᠴᠠ ᠶᠢ | ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠳᠤᠮᠳᠠ ᠣᠷᠳᠣ ᠬᠤᠭᠤᠴᠠᠭᠠᠨ ᠤ ᠥᠷᠲᠡᠭ ᠤᠨ ᠡᠭᠦᠳᠦᠯᠲᠡ ᠶᠢ | ᠴᠢᠬᠤᠯᠠᠴᠢᠯᠠᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠪᠦᠯᠭᠦᠮ ᠳᠤ ᠭᠦᠢᠴᠡᠳ ᠡᠵᠡᠨ ᠮᠡᠳᠡᠬᠦ ᠡᠷᠬᠡ ᠣᠯᠭᠤᠵᠤ᠂ | ᠣᠯᠠᠨ ᠵᠦᠢᠯ ᠤᠨ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠨᠥᠬᠦᠴᠡᠯ ᠲᠠᠢ ᠠᠵᠤ | ᠠᠬᠤᠶᠢᠯᠠᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ᠃ | ᠵᠢᠷᠭᠤᠭ᠎ᠠ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠬᠢᠭᠡᠳ ᠠᠵᠤ ᠠᠬᠤᠶᠢᠯᠠᠯ ᠤᠨ ᠰᠣᠶᠣᠯ ᠤᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ | ︵ᠠᠷᠪᠠᠨ ᠳᠥᠷᠪᠡ︶ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠣᠶᠢᠯᠠᠭᠠᠭᠳᠠᠬᠤᠨ ᠢ ᠦᠢᠯᠡᠳᠪᠦᠷᠢᠯᠡᠯ | ᠡᠵᠡᠩᠨᠡᠯᠲᠡ ᠶᠢᠨ ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠭᠠᠷ | ᠡᠵᠡᠩᠨᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ ᠵᠢᠯᠣᠭᠤᠳᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ | ᠬᠥᠭᠵᠢᠯᠲᠡ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ | ᠰᠣᠶᠣᠯ ᠤᠨ ᠤᠯᠠᠮᠵᠢᠯᠠᠯ ᠵᠡᠷᠭᠡ ᠦᠢᠯᠡᠰ ᠲᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠲᠡᠮᠵᠢᠨ᠎ᠡ᠃ | ︵ᠠᠷᠪᠠᠨ ᠲᠠᠪᠤ︶ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠠᠵᠤ ᠠᠬᠤᠶᠢᠯᠠᠯ ᠤᠨ ᠴᠠᠯᠢᠩ ᠤᠨ ᠵᠦᠢ ᠵᠣᠬᠢᠰᠲᠠᠢ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠬᠦ ᠶᠢ ᠠᠬᠢᠭᠤᠯᠵᠤ᠂ | ᠰᠢᠨᠵᠢᠯᠡᠬᠦ ᠤᠬᠠᠭᠠᠨᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠪᠠ | ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠤ ᠴᠠᠯᠢᠩ ᠬᠥᠯᠥᠰᠦ ᠶᠢᠨ ᠲᠦᠪᠰᠢᠨ ᠢ ᠵᠦᠢ ᠵᠣᠬᠢᠰᠲᠠᠢ ᠲᠣᠭᠲᠠᠭᠠᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠨᠥᠬᠦᠴᠡᠯ ᠳᠤ ᠨᠡᠶᠢᠴᠡᠬᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠴᠠᠯᠢᠩ ᠤᠨ ᠶᠡᠷᠦᠩᠬᠡᠢ | ᠲᠥᠰᠥᠪ ᠤᠨ ᠦᠶᠡᠯᠡᠯ ᠤᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠦ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠯ᠎ᠡ ᠱᠠᠲᠤᠨ ᠤ ᠬᠠᠷᠢᠭᠤᠴᠠᠯᠭᠠᠲᠠᠨ ᠤ ᠴᠠᠯᠢᠩ | ᠬᠥᠯᠥᠰᠦ᠂ ᠨᠡᠮᠡᠭᠦᠷᠢ ᠨᠥᠬᠦᠪᠦᠷᠢ ᠵᠡᠷᠭᠡ ᠶᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠤᠨ᠎ᠠ᠃ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠳᠤᠮᠳᠠ ᠤᠷᠲᠤ ᠬᠤᠭᠤᠴᠠᠭᠠᠨ ᠤ ᠤᠷᠮᠠᠰᠢᠭᠤᠯᠤᠯ | ᠥᠷᠨᠢᠭᠦᠯᠬᠦ ᠶᠢ ᠠᠬᠢᠭᠤᠯᠵᠤ᠂ ᠲᠣᠭᠲᠠᠭᠤᠨ ᠪᠥᠭᠡᠳ ᠤᠷᠲᠤ ᠬᠤᠭᠤᠴᠠᠭᠠᠨ ᠤ ᠪᠡᠯᠡᠨ ᠵᠣᠭᠤᠰ ᠤᠨ ᠠᠰᠢᠭ ᠬᠤᠪᠢᠶᠠᠬᠤ | ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ | ︵ᠠᠷᠪᠠᠨ ᠵᠢᠷᠭᠤᠭ᠎ᠠ︶ ᠰᠢᠯᠢᠳᠡᠭ ᠠᠵᠤ ᠠᠬᠤᠶᠢᠯᠠᠯ ᠤᠨ ᠰᠣᠶᠣᠯ ᠢ ᠪᠣᠶᠢᠵᠢᠭᠤᠯᠤᠨ᠎ᠠ᠃ ᠠᠵᠤ ᠠᠬᠤᠶᠢᠯᠠᠯ ᠤᠨ | ᠦᠨᠡᠨᠴᠢ ᠢᠲᠡᠭᠡᠮᠵᠢᠲᠡᠢ᠂ ᠵᠢᠷᠤᠮ ᠢᠶᠠᠷ ᠠᠰᠢᠭ ᠣᠯᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠵᠡᠷᠭᠡ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠣᠶᠢᠯᠠᠭᠠᠭᠳᠠᠬᠤᠨ ᠢ ᠠᠵᠤ ᠠᠬᠤᠶᠢᠯᠠᠯ ᠤᠨ ᠬᠠᠮᠢᠶᠠᠷᠤᠯᠲᠠ ᠶᠢᠨ | ᠦᠢᠯᠡᠳᠦᠯᠭᠡ ᠳᠤ ᠬᠡᠷᠡᠭᠯᠡᠵᠦ᠂ ᠺᠤᠮᠫᠠᠨᠢ ᠶᠢᠨ ᠵᠠᠰᠠᠯᠲᠠ ᠳᠤ ᠠᠭᠤᠰᠤᠯᠴᠠᠭᠤᠯᠬᠤ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠤᠯᠤᠰ ᠢᠶᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ᠂ ᠬᠠᠤᠯᠢ ᠶᠢ ᠰᠠᠬᠢᠵᠤ | ᠡᠵᠡᠩᠨᠡᠬᠦ᠂ ᠦᠢᠯᠡᠰ ᠪᠣᠰᠬᠠᠨ ᠰᠢᠨ᠎ᠡ ᠶᠢ ᠡᠭᠦᠳᠬᠦ᠂ ᠨᠡᠶᠢᠭᠡᠮ ᠳᠤ ᠠᠴᠢ ᠬᠠᠷᠢᠭᠤᠯᠠᠬᠤ ᠬᠡᠪ ᠳᠠᠭᠤᠷᠢᠶᠠᠯ ᠪᠤᠯᠭᠠᠬᠤ ᠪᠠᠷ | ᠴᠢᠷᠮᠠᠶᠢᠨ᠎ᠠ᠃ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ ᠪᠠᠨ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ᠂ | ᠦᠢᠯᠡᠳᠪᠦᠷᠢᠯᠡᠯ ᠡᠵᠡᠩᠨᠡᠯᠲᠡ᠂ ᠠᠵᠢᠯᠲᠠᠨ ᠠᠵᠢᠯᠴᠢᠨ ᠤ ᠪᠣᠯᠪᠠᠰᠤᠷᠠᠯ᠂ ᠰᠢᠯᠭᠠᠨ ᠬᠢᠨᠠᠵᠤ ᠦᠨᠡᠯᠡᠬᠦ ᠵᠡᠷᠭᠡ ᠪᠦᠭᠦ | ᠶᠠᠪᠤᠴᠠ ᠳᠤ ᠠᠭᠤᠰᠤᠯᠴᠠᠭᠤᠯᠬᠤ ᠶᠢ ᠳᠡᠮᠵᠢᠨ᠎ᠡ᠃ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠬᠢᠨ ᠤ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠲᠠᠢ ᠬᠤᠯᠪᠤᠭᠠᠯᠠᠨ ᠣᠲᠣ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠣᠨᠣᠯ ᠢ | ᠠᠬᠢᠭᠤᠯᠤᠨ ᠲᠡᠭᠦᠯᠳᠡᠷᠵᠢᠭᠦᠯᠬᠦ ᠶᠢ ᠳᠡᠮᠵᠢᠨ᠎ᠡ᠃ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠦᠷᠢ ᠲᠥᠷᠬᠦ ᠶᠢ | ᠱᠤᠭᠤᠵᠤ᠂ ᠦᠨᠳᠦᠰᠦᠲᠡᠨ ᠤ ᠲᠦᠷᠦᠯ ᠲᠡᠮᠳᠡᠭ ᠢ ᠬᠦᠴᠦᠷᠬᠡᠭᠵᠢᠭᠦᠯᠦᠨ ᠪᠤᠵᠠᠭᠠᠶᠢᠷᠠᠭᠤᠯᠤᠨ᠎ᠠ᠃ | ᠳᠣᠯᠤᠭ᠎ᠠ᠂ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ | ᠰᠢᠯᠢᠳᠡᠭᠵᠢᠭᠦᠯᠦᠨ᠎ᠡ | ︵ᠠᠷᠪᠠᠨ ᠳᠣᠯᠤᠭ᠎ᠠ︶ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ | ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠡᠵᠡᠩᠨᠡᠯᠲᠡ ᠶᠢᠨ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠢᠨᠠᠨ | ᠬᠠᠮᠢᠶᠠᠷᠬᠤ ᠶᠢ ᠴᠢᠩᠭᠠᠳᠬᠠᠵᠤ᠂ ᠬᠢᠨᠠᠨ ᠬᠠᠮᠢᠶᠠᠷᠬᠤ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ᠂ | ᠵᠢᠱᠢᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠬᠢᠨᠠᠨ ᠬᠠᠮᠢᠶᠠᠷᠬᠤ ᠮᠡᠳᠡᠭᠡ ᠵᠠᠩᠭᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠤᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ᠂ ᠢᠲᠡᠭᠡᠮᠵᠢ ᠶᠢᠨ | ᠪᠠᠶᠢᠳᠠᠯ ᠢ ᠦᠨᠳᠦᠰᠦᠯᠡᠨ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠷᠥᠩᠭᠡ ᠪᠠ ᠮᠥᠩᠭᠦᠨ | ᠭᠦᠢᠯᠭᠡᠭᠡᠨ ᠤ ᠬᠥᠷᠥᠩᠭᠡ ᠶᠢᠨ ︽ᠰᠡᠷᠭᠡᠶᠢᠯᠡᠯᠲᠡ ᠶᠢᠨ ᠬᠡᠷᠡᠮ︾ ᠢ ᠪᠠᠶᠢᠭᠤᠯᠵᠤ᠂ ᠬᠥᠷᠥᠩᠭᠡ ᠶᠢᠨ ᠭᠦᠢᠴᠡᠳ ᠴᠢᠨᠠᠷ ᠤᠨ | ᠬᠠᠮᠢᠶᠠᠷᠤᠯᠲᠠ ᠪᠠ ᠺᠤᠮᠫᠠᠨᠢ ᠶᠢᠨ ᠵᠠᠰᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠭᠦᠢᠯᠭᠡᠭᠡᠨ ᠤ ᠴᠢᠨᠠᠷᠲᠠᠢ | ᠲᠦᠭᠰᠢᠭᠦᠷᠢ ᠶᠢ ᠴᠢᠩᠭ᠎ᠠ ᠡᠵᠡᠮᠳᠡᠵᠦ᠂ ᠮᠥᠩᠭᠦᠨ ᠭᠦᠢᠯᠭᠡᠭᠡᠨ ᠤ ᠰᠲ᠋ᠣᠺ ᠡᠵᠡᠮᠰᠢᠯ ᠤᠨ ᠺᠤᠮᠫᠠᠨᠢ ᠶᠢ ᠪᠦᠬᠦᠯᠢ ᠴᠣᠭᠴᠠ ᠪᠠᠷ | ᠨᠢ ᠬᠦᠰᠦᠨᠦᠭᠲᠦ ᠨᠡᠶᠢᠯᠡᠭᠦᠯᠬᠦ ᠬᠠᠮᠢᠶᠠᠷᠤᠯᠲᠠ ᠶᠢ ᠬᠡᠷᠡᠭᠵᠢᠭᠦᠯᠵᠦ᠂ ᠬᠤᠪᠢ ᠣᠷᠣᠭᠤᠯᠤᠭᠴᠢ ᠶᠢᠨ ᠦᠢᠯᠡ ᠠᠵᠢᠯᠯᠠᠭ᠎ᠠ ᠶᠢ | ᠵᠢᠷᠤᠮᠵᠢᠭᠤᠯᠤᠨ ᠬᠢᠵᠠᠭᠠᠷᠯᠠᠬᠤ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠬᠠᠭᠤᠷᠮᠠᠭᠯᠠᠯ ᠢ | ᠴᠢᠩᠭ᠎ᠠ ᠰᠡᠷᠭᠡᠶᠢᠯᠡᠨ ᠬᠠᠮᠢᠶᠠᠷᠤᠨ᠎ᠠ᠃ | ︵ᠠᠷᠪᠠᠨ ᠨᠠᠢᠮᠠ︶ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠪᠦᠷᠢᠨᠰᠢᠭᠦᠯᠦᠨ᠎ᠡ᠃ ᠬᠥᠷᠥᠩᠭᠡ ᠶᠢ ᠬᠠᠮᠢᠶᠠᠷᠬᠤ ᠪᠠᠷ ᠭᠤᠣᠯ ᠪᠣᠯᠭᠠᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ | ᠲᠣᠭᠲᠠᠭᠠᠬᠤ ᠪᠠ ᠲᠥᠷᠥᠯ ᠬᠤᠪᠢᠶᠠᠨ ᠵᠢᠯᠤᠭᠤᠳᠬᠤ ᠶᠢ ᠲᠡᠭᠦᠯᠳᠡᠷᠵᠢᠭᠦᠯᠵᠦ᠂ ᠲᠥᠷᠥᠯ ᠬᠤᠪᠢᠶᠠᠨ ᠡᠷᠬᠡ ᠣᠯᠭᠤᠵᠤ | ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠲᠥᠷᠥᠯ ᠬᠤᠪᠢᠶᠠᠨ ᠬᠢᠨᠠᠨ ᠬᠠᠮᠢᠶᠠᠷᠬᠤ᠂ ᠲᠥᠷᠥᠯ ᠬᠤᠪᠢᠶᠠᠨ | ᠰᠢᠯᠭᠠᠨ ᠬᠢᠨᠠᠬᠤ ᠶᠢ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠳᠣᠲᠣᠭᠠᠳᠤ ᠥᠷᠲᠡᠭ᠂ ᠣᠷᠳᠣ ᠬᠤᠭᠤᠴᠠᠭᠠᠨ ᠤ ᠥᠷᠲᠡᠭ ᠢ ᠴᠢᠬᠤᠯᠠᠴᠢᠯᠠᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠡᠵᠡᠩᠨᠡᠯᠲᠡ ᠪᠡᠯᠡ ᠣᠷᠣᠭᠤᠯᠤᠯᠲᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠪᠣᠯᠣᠨ | ᠬᠠᠷᠢᠭᠤᠴᠠᠯᠭ᠎ᠠ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ | ︵ᠠᠷᠪᠠ ᠶᠢᠰᠦ︶ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠳᠤ | ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠤᠨ᠎ᠠ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠵᠦ᠂ ᠬᠦᠴᠦᠨ ᠦᠭᠡᠢ ᠪᠤᠯᠭᠠᠬᠤ ᠵᠡᠷᠭᠡ ᠵᠠᠬ᠎ᠠ | ᠳᠡᠯᠭᠡᠭᠦᠷ ᠠᠴᠠ ᠪᠤᠴᠠᠭᠠᠵᠤ ᠭᠠᠷᠭᠠᠬᠤ ᠲᠣᠭᠲᠠᠴᠠ ᠶᠢ ᠰᠢᠯᠢᠳᠡᠭᠵᠢᠭᠦᠯᠦᠨ᠂ ᠭᠠᠵᠠᠷ ᠣᠷᠣᠨ ᠪᠣᠯᠣᠨ ᠠᠵᠢᠯ ᠲᠥᠷᠥᠯ ᠤᠨ | ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ᠂ ᠳᠦᠷᠢᠮ ᠤᠨ ᠵᠣᠬᠢᠴᠠᠩᠭᠤᠢ ᠪᠥᠭᠡᠳ | ᠨᠢᠭᠡᠳᠦᠯᠲᠡᠢ ᠪᠠᠶᠢᠬᠤ ᠶᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠰᠢᠭᠤᠳ ᠬᠦᠷᠭᠡᠵᠦ ᠲᠦᠷᠭᠡᠨ ᠡᠳ᠋ᠯᠡᠬᠦ᠂ ︽ᠭᠤᠶᠤᠴᠢᠯᠠᠬᠤ ᠠᠴᠠ ᠬᠡᠯᠲᠦᠷᠢᠭᠦᠯᠦᠨ ᠲᠡᠷᠡ ᠳᠠᠷᠤᠢ ᠳᠤᠨᠢ ᠡᠳ᠋ᠯᠡᠬᠦ︾ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ | ᠬᠥᠮᠦᠵᠢᠯ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠬᠦ ᠶᠢ ᠳᠡᠮᠵᠢᠨ᠎ᠡ᠃ | ᠨᠠᠢᠮᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠤ ᠠᠬᠤᠶᠢᠯᠠᠯ ᠤᠨ ᠬᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠶᠢᠨ ᠴᠢᠬᠤᠯᠠ | ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠳᠦᠷᠢᠮ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠤᠯᠢ ᠳᠤ ᠵᠠᠰᠠᠪᠤᠷᠢ ᠣᠷᠣᠭᠤᠯᠬᠤ ᠵᠡᠷᠭᠡ ᠶᠢ ᠠᠬᠢᠭᠤᠯᠵᠤ᠂ ᠠᠵᠤ ᠠᠬᠤᠶᠢᠯᠠᠯ ᠤᠨ | ᠬᠠᠤᠯᠢ ᠶᠣᠰᠣᠭᠠᠷ ᠡᠵᠡᠩᠨᠡᠬᠦ᠂ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠠᠬᠢᠭᠤᠯᠤᠨ᠎ᠠ᠃ ᠨᠢᠭᠲᠠᠯᠠᠨ ᠪᠤᠳᠣᠬᠤ᠂ | ᠯᠠᠪᠯᠠᠭ᠎ᠠ ᠥᠭᠬᠦ᠂ ᠬᠠᠤᠯᠢ ᠴᠠᠭᠠᠵᠠ᠂ ᠢᠲᠡᠭᠡᠮᠵᠢ ᠶᠢᠨ ᠳᠡᠰ ᠲᠣᠭᠲᠠᠭᠠᠬᠤ ᠵᠡᠷᠭᠡ ᠲᠤᠰᠬᠠᠢ ᠪᠠᠶᠢᠭᠤᠯᠤᠮᠵᠢ ᠶᠢᠨ ᠠᠵᠢᠯ | ᠡᠷᠭᠢᠯᠡᠭᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠲᠤᠰᠬᠠᠢ ᠪᠠᠶᠢᠭᠤᠯᠤᠮᠵᠢ ᠶᠢᠨ ᠠᠵᠢᠯ ᠡᠷᠭᠢᠯᠡᠭᠦ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠡᠷᠭᠢᠯᠡᠭᠦ ᠳᠠᠬᠢ ᠬᠢᠨᠠᠯᠲᠠ ᠲᠠᠯᠪᠢᠬᠤ ᠪᠠ ᠲᠤᠰᠬᠠᠢ ᠦᠢᠯᠡᠴᠢᠯᠡᠭᠡᠨ ᠤ | ᠦᠢᠯᠡᠳᠦᠯ ᠢ ᠨᠢ ᠪᠠᠳᠠᠷᠠᠭᠤᠯᠵᠤ᠂ ᠡᠷᠬᠡ ᠲᠡᠭᠰᠢ ᠪᠠᠷ ᠥᠷᠢᠰᠦᠯᠳᠦᠬᠦ᠂ ᠦᠨᠡᠨᠴᠢ ᠢᠲᠡᠭᠡᠮᠵᠢᠲᠡᠢ ᠵᠢᠷᠤᠮᠵᠢᠯ ᠲᠠᠢ ᠪᠠᠶᠢᠬᠤ | ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ | ᠪᠠᠶᠢᠭᠤᠯᠤᠯ ᠢ ᠦᠢᠯᠡᠳᠦᠯᠭᠡᠵᠢᠭᠦᠯᠦᠨ ᠰᠦᠪᠡᠭᠴᠢᠯᠡᠭᠰᠡᠨ ᠪᠠ ᠠᠮᠵᠢᠯᠲᠠ ᠲᠠᠢ ᠲᠤᠷᠰᠢᠯᠭ᠎ᠠ ᠶᠢ ᠤᠬᠠᠭᠤᠯᠬᠤ ᠪᠠᠨ | ᠴᠢᠩᠭᠠᠳᠬᠠᠵᠤ᠂ ᠨᠢᠭᠡ ᠪᠦᠯᠦᠭ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠶᠢ | ᠳ᠋ᠦᠩᠨᠡᠵᠦ᠂ ᠨᠢᠭᠡ ᠪᠦᠯᠦᠭ ᠺᠤᠮᠫᠠᠨᠢ ᠶᠢᠨ ᠵᠠᠰᠠᠯᠲᠠ ᠶᠢᠨ ᠨᠡᠶᠢᠲᠡᠯᠢᠭ ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ | ᠳᠡᠯᠭᠡᠷᠡᠭᠦᠯᠦᠨ᠎ᠡ᠃ | | |