ᠡᠨᠡ ᠵᠢᠯ᠂ ᠪᠠᠷᠠᠭᠤᠨ ᠦᠵᠦᠮᠦᠴᠢᠨ ᠬᠤᠰᠢᠭᠤ ᠣᠯᠠᠨ ᠲᠦᠮᠡᠨ ᠤ ᠬᠡᠷᠡᠭᠴᠡᠭᠡ᠂ ᠬᠥᠭᠵᠢᠯᠲᠡ ᠶᠢᠨ | ᠱᠠᠭᠠᠷᠳᠠᠯᠭ᠎ᠠ᠂ ᠵᠠᠰᠠᠯᠲᠠ ᠶᠢᠨ ᠬᠦᠴᠢᠷᠳᠡᠯ ᠳᠤ ᠠᠩᠬᠠᠷᠤᠯ ᠢᠶᠠᠨ ᠲᠦᠪᠯᠡᠷᠡᠭᠦᠯᠦᠨ᠂ ︽ᠱᠦᠵᠢ ᠶᠢᠨ ᠲᠥᠷᠥᠯ | ᠵᠦᠢᠯ︾ ᠤᠨ ᠠᠵᠢᠯ ᠤᠨ ᠲᠣᠭᠲᠠᠴᠠ ᠶᠢ ᠰᠢᠨ᠎ᠡ ᠪᠠᠷ ᠬᠡᠷᠡᠭᠵᠢᠭᠦᠯᠵᠦ᠂ ᠬᠤᠰᠢᠭᠤ ᠨᠠᠮ ᠤᠨ ᠬᠤᠷᠢᠶᠠᠨ ᠤ ᠱᠦᠵᠢ | ᠪᠦᠦ ᠯᠢᠨ ᠨᠥᠬᠦᠷ ᠭᠤᠣᠯᠳᠠᠯᠭ᠎ᠠ ᠲᠠᠢ ᠡᠭᠦᠷᠭᠡ ᠶᠢ ᠲᠦᠷᠦᠭᠦᠯᠡᠨ ᠭᠦᠢᠴᠡᠳᠬᠡᠵᠦ᠂ ᠨᠠᠷᠢᠯᠢᠭ ᠣᠨᠣᠪᠴᠢᠲᠠᠢ ᠪᠠᠷ | ᠠᠷᠭ᠎ᠠ ᠰᠦᠪᠡᠭᠴᠢᠯᠡᠬᠦ᠂ ᠬᠠᠮᠵᠢᠯᠴᠠᠨ ᠬᠥᠳᠡᠯᠦᠯᠴᠡᠬᠦ᠂ ᠬᠠᠷᠠᠯᠲᠠ ᠲᠠᠢ ᠪᠠᠷ ᠪᠣᠭᠤᠮᠲᠠ ᠰᠢᠪᠲᠤᠯᠬᠤ ᠪᠠᠷ | ᠳᠠᠮᠵᠢᠭᠤᠯᠤᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠭᠤᠣᠯ ᠠᠵᠢᠯ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠣᠯᠣᠨ ᠦᠨᠳᠦᠰᠦᠨ ᠱᠠᠲᠤᠨ ᠤ ᠵᠠᠰᠠᠯᠲᠠ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ | | | ᠨᠠᠷᠢᠯᠢᠭ ᠣᠨᠣᠪᠴᠢᠲᠠᠢ ᠪᠠᠷ ᠠᠷᠭ᠎ᠠ ᠰᠦᠪᠡᠭᠴᠢᠯᠡᠵᠦ᠂ ᠱᠦᠵᠢ ᠠᠴᠠ ᠬᠦᠴᠢᠷ ᠠᠰᠠᠭᠤᠳᠠᠯ ᠢ | ᠰᠢᠢᠳᠪᠦᠷᠢᠯᠡᠪᠡ | ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠬᠥᠭᠵᠢᠯᠲᠡ ᠶᠢᠨ ᠱᠠᠭᠠᠷᠳᠠᠯᠭ᠎ᠠ᠂ ᠣᠯᠠᠨ | ᠲᠦᠮᠡᠨ ᠤ ᠬᠦᠰᠡᠯ ᠡᠷᠡᠮᠡᠯᠵᠡᠯ ᠳᠤ ᠰᠠᠭᠤᠷᠢᠯᠠᠨ᠂ ︽ᠥᠪᠡᠷᠮᠢᠴᠡ ᠣᠨᠴᠠᠯᠢᠭ ᠲᠠᠢ᠂ ᠬᠡᠷᠡᠭᠵᠢᠭᠦᠯᠵᠦ ᠪᠣᠯᠬᠤᠶᠢᠴᠠ᠂ | ᠵᠢᠱᠢᠶ᠎ᠡ ᠦᠵᠡᠭᠦᠯᠦᠨ ᠳᠠᠭᠠᠭᠤᠯᠬᠤ ᠴᠢᠳᠠᠪᠤᠷᠢ ᠪᠠᠷ ᠴᠢᠩᠭ᠎ᠠ᠂ ᠵᠢᠯ ᠤᠨ ᠳᠣᠲᠣᠷ᠎ᠠ ᠨᠠᠶᠢᠳᠠᠪᠤᠷᠢᠵᠢᠭᠤᠯᠵᠤ | ᠳᠡᠶᠢᠯᠬᠦᠶᠢᠴᠡ᠂ ᠪᠥᠬᠦ ᠲᠠᠯ᠎ᠠ ᠪᠠᠷ ᠳᠡᠯᠭᠡᠷᠡᠭᠦᠯᠵᠦ ᠪᠣᠯᠬᠤᠶᠢᠴᠠ︾ ᠵᠠᠷᠴᠢᠮ ᠶᠣᠰᠣᠭᠠᠷ᠂ ︽ᠨᠠᠮ ᠤᠨ | ᠪᠠᠶᠢᠭᠤᠯᠤᠯᠲᠠ ᠶᠢ ᠠᠬᠢᠭᠤᠯᠵᠤ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ︾ ᠪᠠ ︽ᠠᠳᠠᠯ | ᠠᠬᠤᠢ ᠶᠢᠨ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ ᠶᠢ ᠭᠦᠨᠵᠡᠭᠡᠶᠢᠷᠡᠭᠦᠯᠬᠦ︾ ᠵᠡᠷᠭᠡ ︽ᠱᠦᠵᠢ ᠶᠢᠨ | ᠲᠥᠷᠥᠯ ᠵᠦᠢᠯ︾ ᠢ ᠲᠣᠭᠲᠠᠭᠠᠪᠠ᠃ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ︽ᠪᠥᠬᠦ | ᠬᠤᠰᠢᠭᠤᠨ ᠤ ᠨᠠᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠠᠵᠤ ᠦᠢᠯᠡᠰ ᠤᠨ ᠬᠥᠭᠵᠢᠯᠲᠡ ᠶᠢ | ᠬᠥᠲᠥᠯᠥᠨ ᠳᠠᠭᠠᠭᠤᠯᠬᠤ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ 14 ᠵᠦᠢᠯ ᠤᠨ ᠭᠤᠣᠯᠳᠠᠯᠭ᠎ᠠ ᠲᠠᠢ | ᠡᠭᠦᠷᠭᠡ ᠶᠢ ᠨᠠᠷᠢᠯᠢᠭᠵᠢᠭᠤᠯᠪᠠ᠃ ᠨᠡᠶᠢᠭᠡᠮ ᠲᠣᠭᠤᠷᠢᠭ ᠤᠨ ᠵᠠᠰᠠᠯᠲᠠ ᠳᠤ ᠴᠢᠭᠯᠡᠭᠦᠯᠦᠨ᠂ ︽ᠪᠥᠬᠦ ᠬᠤᠰᠢᠭᠤᠨ ᠤ | ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠶᠢ ᠭᠦᠨᠵᠡᠭᠡᠶᠢᠷᠡᠭᠦᠯᠬᠦ ᠠᠵᠢᠯ ᠤᠨ | ᠬᠡᠷᠡᠭᠵᠢᠭᠦᠯᠬᠦ ᠲᠥᠰᠥᠯ︾ ᠢ ᠨᠡᠶᠢᠲᠡᠯᠡᠵᠦ᠂ 12 ᠵᠦᠢᠯ ᠤᠨ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠢ | ᠲᠣᠭᠲᠠᠭᠠᠨ᠂ ᠬᠠᠷᠢᠭᠤᠴᠠᠯᠭ᠎ᠠ ᠡᠭᠦᠷᠭᠡ ᠶᠢ ᠪᠣᠳᠠᠲᠠᠶᠢᠵᠢᠭᠤᠯᠬᠤ ᠶᠢ ᠪᠠᠲᠤᠯᠠᠪᠠ᠃ | ᠬᠤᠰᠢᠭᠤ ᠨᠠᠮ ᠤᠨ ᠬᠤᠷᠢᠶᠠᠨ ᠤ ᠱᠦᠵᠢ ︽ᠳᠠᠭᠠᠭᠤᠯᠤᠭᠴᠢ︾ ᠶᠢᠨ ᠦᠢᠯᠡᠳᠦᠯ ᠢᠶᠠᠨ ᠪᠠᠳᠠᠷᠠᠭᠤᠯᠵᠤ᠂ | ᠤᠷᠢᠳ ᠬᠤᠵᠢᠳ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠬᠤᠷᠠᠯ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠢ ᠬᠤᠷᠠᠯᠳᠤᠭᠤᠯᠤᠨ᠂ ᠲᠤᠰᠬᠠᠢ | ᠰᠡᠳᠦᠪ ᠢᠶᠠᠷ ᠲᠥᠷᠥᠯ ᠵᠦᠢᠯ ᠤᠨ ᠠᠬᠢᠴᠠ ᠶᠢ ᠲᠣᠬᠢᠷᠠᠭᠤᠯᠬᠤ ᠶᠢᠨ ᠬᠠᠮᠲᠤ ᠡᠮᠦᠨ᠎ᠡ ᠹᠷᠣᠨᠲ ᠲᠤ ᠭᠦᠨᠵᠡᠭᠡᠶᠢᠷᠡᠨ | ᠪᠠᠶᠢᠴᠠᠭᠠᠨ ᠰᠤᠳᠤᠯᠤᠯᠲᠠ ᠬᠢᠵᠦ᠂ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠬᠦ᠂ ᠬᠥᠳᠡᠯᠦᠩᠭᠦᠢ ᠪᠠᠷ ᠲᠣᠬᠢᠷᠠᠭᠤᠯᠬᠤ ᠪᠠᠷ ᠳᠠᠮᠵᠢᠭᠤᠯᠤᠨ᠂ ᠲᠥᠷᠥᠯ | ᠵᠦᠢᠯ ᠢ ᠠᠬᠢᠭᠤᠯᠬᠤ ᠪᠠ ᠡᠳᠦᠷ ᠲᠤᠲᠤᠮ ᠤᠨ ᠠᠵᠢᠯ ᠢ ᠨᠢᠭᠲᠠ ᠤᠶᠠᠯᠳᠤᠭᠤᠯᠬᠤ ᠶᠢ ᠪᠠᠲᠤᠯᠠᠵᠤ᠂ ︽ | ᠲᠥᠯᠥᠪᠵᠢᠭᠦᠯᠬᠦ ︱ ᠪᠠᠶᠢᠷᠢᠯᠠᠭᠤᠯᠬᠤ ︱ ᠨᠠᠶᠢᠳᠠᠪᠤᠷᠢᠵᠢᠭᠤᠯᠬᠤ ︱ᠬᠠᠷᠢᠭᠤ ᠲᠤᠰᠬᠠᠬᠤ︾ ᠬᠠᠮᠢᠶᠠᠷᠤᠯᠲᠠ ᠶᠢ | ᠪᠣᠢ ᠪᠣᠯᠭᠠᠵᠠᠢ᠃ | ᠬᠠᠮᠵᠢᠯᠴᠠᠨ ᠬᠤᠯᠪᠤᠭᠠᠯᠠᠵᠦ᠂ ᠬᠦᠴᠦᠨ ᠢᠶᠠᠨ ᠨᠢᠭᠡᠳᠬᠡᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ | ᠦᠨᠳᠦᠰᠦᠨ ᠱᠠᠲᠤᠨ ᠤ ᠵᠠᠰᠠᠯᠲᠠ ᠶᠢᠨ ︽ᠰᠠᠯᠤᠩᠬᠢᠷᠠᠵᠤ ᠪᠠᠶᠢᠭ᠎ᠠ︾ ᠬᠦᠴᠢᠷ ᠠᠰᠠᠭᠤᠳᠠᠯ ᠢ ᠰᠢᠢᠳᠪᠦᠷᠢᠯᠡᠬᠦ | ᠶᠢᠨ ᠲᠥᠯᠥᠭᠡ᠂ ᠮᠠᠨ ᠤ ᠬᠤᠰᠢᠭᠤ ︽ᠬᠤᠰᠢᠭᠤ ᠨᠠᠮ ᠤᠨ ᠬᠤᠷᠢᠶ᠎ᠠ ︱ ᠰᠤᠮᠤ ᠪᠠᠯᠭᠠᠰᠤᠨ ᠤ ᠨᠠᠮ ᠤᠨ ᠬᠤᠷᠢᠶ᠎ᠠ | ︱ ᠭᠠᠴᠠᠭᠠᠨ ᠤ ︵ᠨᠡᠶᠢᠭᠡᠮ ᠲᠣᠭᠤᠷᠢᠭ ᠤᠨ︶ ᠨᠠᠮ ᠤᠨ ᠵᠣᠬᠢᠶᠠᠨ ᠪᠠᠶᠢᠭᠤᠯᠤᠯᠲᠠ︾ ᠶᠢᠨ ᠭᠤᠷᠪᠠᠨ ᠱᠠᠲᠤᠨ ᠤ | ᠬᠤᠯᠪᠤᠭᠠᠯᠠᠨ ᠬᠥᠳᠡᠯᠦᠯᠴᠡᠬᠦ ᠰᠢᠰᠲ᠋ᠧᠮ ᠢ ᠪᠠᠶᠢᠭᠤᠯᠵᠤ᠂ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ | ᠬᠡᠯᠲᠡᠰ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ 20 ᠭᠠᠷᠤᠢ ᠰᠠᠯᠠᠭ᠎ᠠ | ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠯᠠᠭ᠎ᠠ ᠮᠥᠴᠢᠷ ᠠᠯᠤᠰᠯᠠᠨ ᠵᠥᠪᠳᠡᠯᠴᠡᠬᠦ᠂ ᠲᠤᠰᠬᠠᠢ | ᠠᠩᠭᠢ ᠪᠠᠷ ᠪᠣᠭᠤᠮᠲᠠ ᠰᠢᠪᠲᠤᠯᠬᠤ ᠲᠣᠭᠲᠠᠴᠠ ᠶᠢ ᠪᠠᠶᠢᠭᠤᠯᠤᠨ᠂ ︽ᠳᠡᠭᠡᠳᠦ ᠳᠣᠣᠷᠠᠳᠤ ᠱᠠᠲᠤ ᠬᠠᠷᠢᠯᠴᠠᠨ | ᠨᠡᠪᠲᠡᠷᠡᠯᠴᠡᠭᠰᠡᠨ᠂ ᠰᠠᠯᠠᠭ᠎ᠠ ᠮᠥᠴᠢᠷ ᠬᠠᠮᠵᠢᠯᠴᠠᠭᠰᠠᠨ᠂ ᠨᠢᠭᠡ ᠴᠣᠭᠴᠠᠵᠢᠭᠤᠯᠤᠨ ᠠᠬᠢᠭᠤᠯᠤᠭᠰᠠᠨ︾ ᠠᠵᠢᠯ ᠤᠨ | ᠪᠠᠶᠢᠷᠢᠰᠢᠯ ᠢ ᠪᠣᠶ ᠪᠣᠯᠭᠠᠪᠠ᠃ | ᠡᠭᠦᠨ ᠳᠤ᠂ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ | ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠡᠷᠡᠭ | ᠵᠥᠪᠯᠡᠬᠦ ᠬᠡᠪᠴᠢᠶᠡᠨ ᠳᠤ ᠣᠷᠣᠭᠤᠯᠵᠤ᠂ ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢᠨ ᠬᠠᠮᠲᠤᠷᠠᠨ ᠪᠠᠶᠢᠭᠤᠯᠬᠤ | ᠶᠢ ᠬᠤᠲᠠ ᠪᠠ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ︽ | ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠮᠡᠳᠡᠭᠡᠯᠡᠬᠦ᠂ ᠤᠯᠠᠷᠢᠯ ᠢᠶᠠᠷ ᠬᠢᠨᠠᠨ ᠰᠢᠯᠭᠠᠬᠤ︾ ᠲᠣᠭᠲᠠᠴᠠ ᠶᠢ | ᠬᠡᠷᠡᠭᠵᠢᠭᠦᠯᠦᠨ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠢ ᠬᠠᠮᠲᠤ ᠳᠤᠨᠢ ᠲᠥᠯᠥᠪᠵᠢᠭᠦᠯᠬᠦ᠂ | ᠬᠠᠮᠲᠤ ᠳᠤᠨᠢ ᠪᠠᠶᠢᠷᠢᠯᠠᠭᠤᠯᠬᠤ᠂ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢ ︽ᠴᠡᠭ ᠤᠨ ᠰᠢᠪᠲᠤᠯᠤᠯᠲᠠ︾ ᠠᠴᠠ ︽ | ᠪᠥᠬᠦ ᠲᠠᠯ᠎ᠠ ᠶᠢᠨ ᠳᠡᠭᠡᠭᠰᠢᠯᠡᠯᠲᠡ︾ ᠳᠠᠰᠢ ᠬᠤᠪᠢᠷᠠᠭᠤᠯᠬᠤ ᠶᠢ ᠠᠬᠢᠭᠤᠯᠪᠠ᠃ | ᠬᠠᠷᠠᠯᠲᠠ ᠳᠤ ᠴᠢᠭᠯᠡᠭᠦᠯᠦᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠪᠴᠢᠲᠠᠢ ᠬᠦᠴᠦᠯᠡᠵᠦ ᠪᠣᠳᠠᠲᠠᠢ ᠦᠷ᠎ᠡ | ᠪᠦᠲᠦᠮᠵᠢ ᠣᠯᠪᠠ | ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ᠂ ᠮᠠᠯ ᠠᠵᠤ ᠠᠬᠤᠢ ᠳᠤ ᠬᠤᠯᠪᠣᠭᠳᠠᠬᠤ ᠡᠳ᠋ ᠤᠨ ᠵᠠᠰᠠᠭ ᠤᠨ ᠪᠡᠯᠡ | ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠵᠡᠷᠭᠡ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠮᠤ ᠪᠠᠯᠭᠠᠰᠤᠨ ᠤ ︽ᠬᠤᠶᠠᠷ ᠢ ᠪᠦᠲᠦᠭᠡᠬᠦ︾ ᠵᠠᠭᠪᠤᠷ ᠢ ᠪᠥᠬᠦ ᠲᠠᠯ᠎ᠠ ᠪᠠᠷ | ᠬᠡᠷᠡᠭᠵᠢᠭᠦᠯᠦᠨ᠂ ︽ᠨᠠᠮ ᠤᠨ ᠪᠠᠶᠢᠭᠤᠯᠤᠯᠲᠠ +︾ ᠵᠠᠭᠪᠤᠷ ᠢᠶᠠᠷ 50 ᠭᠠᠷᠤᠢ ᠬᠤᠪᠢᠶᠠᠷᠢ ᠲᠥᠷᠥᠯ ᠵᠦᠢᠯ ᠢ | ᠬᠡᠷᠡᠭᠵᠢᠭᠦᠯᠵᠦ᠂ ᠠᠵᠤ ᠦᠢᠯᠡᠰ ᠤᠨ ᠬᠥᠭᠵᠢᠯᠲᠡ ᠬᠢᠭᠡᠳ ᠮᠠᠯᠴᠢᠳ ᠤᠨ ᠠᠰᠢᠭ ᠲᠤᠰᠠ ᠶᠢ ᠤᠶᠠᠯᠳᠤᠭᠤᠯᠬᠤ | ᠲᠣᠭᠲᠠᠴᠠ ᠶᠢ ᠪᠠᠶᠢᠭᠤᠯᠵᠠᠢ᠃ ᠣᠳᠣᠬᠠᠨ ᠳᠤ᠂ ᠪᠥᠬᠦ ᠬᠤᠰᠢᠭᠤᠨ ᠤ ᠭᠠᠴᠠᠭᠠᠨ ᠤ ᠬᠠᠮᠲᠤ ᠶᠢᠨ ᠠᠵᠤ | ᠠᠬᠤᠢ ᠶᠢᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 5% ᠠᠴᠠ | ᠳᠡᠭᠡᠭᠰᠢ ᠨᠡᠮᠡᠭᠳᠡᠪᠡ᠃ | ᠨᠡᠶᠢᠭᠡᠮ ᠲᠣᠭᠤᠷᠢᠭ ᠤᠨ ᠵᠠᠰᠠᠯᠲᠠ ᠶᠢᠨ ᠲᠠᠯ᠎ᠠ ᠪᠠᠷ᠂ ︽ᠨᠡᠶᠢᠭᠡᠮ ᠲᠣᠭᠤᠷᠢᠭ ᠤᠨ ᠬᠤᠷᠰᠢᠭᠴᠢ︾ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠲᠠᠯ᠎ᠠ ᠶᠢᠨ ᠬᠢᠨ | ᠲᠠᠢ ᠬᠤᠯᠪᠤᠭᠠᠯᠠᠨ ᠬᠥᠳᠡᠯᠦᠯᠴᠡᠵᠦ᠂ 6 ᠨᠡᠶᠢᠭᠡᠮ ᠲᠣᠭᠤᠷᠢᠭ ᠤᠨ ︽ᠨᠠᠮ ᠤᠨ ᠡᠭᠦᠷ ᠤᠨ ᠠᠵᠢᠯᠯᠠᠬᠤ ᠥᠷᠲᠡᠭᠡ︾ | ᠵᠢᠴᠢ ᠨᠡᠶᠢᠭᠡᠮ ᠲᠣᠭᠤᠷᠢᠭ ᠤᠨ ᠬᠤᠭᠤᠯᠠᠨ ᠭᠡᠷ᠂ ᠥᠪᠡᠷᠲᠡᠭᠡᠨ ᠦᠢᠯᠡᠴᠢᠯᠡᠬᠦ ᠴᠢᠯᠤᠭᠡᠲᠦ ᠳᠡᠯᠭᠡᠭᠦᠷ᠂ ᠰᠣᠶᠣᠯ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ ᠳᠤ ᠲᠦᠰᠢᠭᠯᠡᠨ᠂ ᠠᠷᠠᠳ ᠲᠤ ᠲᠥᠬᠦᠮ ᠦᠵᠡᠭᠦᠯᠬᠦ | ᠨᠠᠷᠢᠯᠢᠭ ᠦᠢᠯᠡᠴᠢᠯᠡᠭᠡ ᠬᠠᠩᠭᠠᠪᠠ᠃ ᠨᠠᠮ ᠤᠨ ᠪᠠᠶᠢᠭᠤᠯᠤᠯᠲᠠ ᠶᠢᠨ ᠬᠡᠯᠬᠢᠶ᠎ᠡ ᠪᠣᠯᠣᠨ ᠵᠠᠰᠠᠯᠲᠠ ᠶᠢᠨ ᠬᠡᠯᠬᠢᠶ᠎ᠡ ᠶᠢ | ᠭᠦᠨᠵᠡᠭᠡᠢ ᠠᠭᠤᠰᠤᠯᠴᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠳᠡ ᠦᠭᠡᠢ | ᠴᠢᠩᠭᠠᠳᠬᠠᠪᠠ᠃ | ᠳᠠᠷᠠᠭ᠎ᠠ ᠠᠯᠬᠤᠮ ᠳᠤ᠂ ᠮᠠᠨ ᠤ ᠬᠤᠰᠢᠭᠤ ᠨᠢ ︽ᠱᠦᠵᠢ ᠶᠢᠨ ᠲᠥᠷᠥᠯ ᠵᠦᠢᠯ︾ ᠤᠨ ᠠᠵᠢᠯ ᠤᠨ | ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠵᠤ ᠦᠢᠯᠡᠰ ᠢ ᠬᠥᠭᠵᠢᠭᠦᠯᠬᠦ᠂ ᠦᠨᠳᠦᠰᠦᠨ ᠱᠠᠲᠤᠨ ᠤ ᠵᠠᠰᠠᠯᠲᠠ | ᠵᠡᠷᠭᠡ ᠶᠢ ᠬᠠᠷᠢᠯᠴᠠᠨ ᠠᠬᠢᠭᠤᠯᠵᠤ᠂ ᠬᠥᠭᠵᠢᠯᠲᠡ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠨᠠᠩ ᠢᠯᠡᠭᠦᠦ | ᠬᠦᠷᠲᠡᠭᠡᠬᠦ ᠪᠣᠯᠣᠨ᠎ᠠ᠃ | |