ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ ᠶᠢᠨ ᠰᠠᠭᠤᠷᠢ ᠲᠤᠯᠭᠠᠭᠤᠷᠢᠯᠠᠯ ᠪᠠ ᠳᠣᠲᠣᠭᠠᠳᠤ ᠱᠠᠭᠠᠷᠳᠠᠯᠭ᠎ᠠ ᠪᠣᠯᠣᠨ᠎ᠠ᠃ ᠲᠥᠪ ᠤᠨ ᠠᠵᠤ ᠠᠬᠤᠢ ᠶᠢᠨ | ᠠᠵᠢᠯ ᠤᠨ ᠬᠤᠷᠠᠯᠳᠤᠭᠠᠨ ᠢᠶᠠᠷ ︽ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ | ᠲᠤᠰᠬᠠᠢ ᠠᠵᠢᠯᠯᠠᠭᠠᠨ ᠢ ᠥᠷᠨᠢᠭᠦᠯᠬᠦ ᠬᠡᠷᠡᠭᠲᠡᠢ᠃ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠨ᠎ᠠ︾ ᠭᠡᠵᠦ ᠳᠤᠷᠠᠳᠪᠠ᠃ ᠡᠨᠡ ᠵᠢᠯ ᠤᠨ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ︽ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠤᠨ᠎ᠠ︾ ᠭᠡᠵᠦ ᠳᠤᠷᠠᠳᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ | ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠠᠰᠢᠭᠲᠠᠢ ᠡᠯ᠎ᠡ ᠵᠦᠢᠯ ᠤᠨ ᠳᠦᠷᠢᠮ ᠲᠣᠭᠲᠠᠭᠠᠯ ᠢ ᠬᠡᠷᠬᠢᠨ ᠲᠣᠭᠲᠠᠭᠠᠵᠤ᠂ ᠨᠢᠭᠡᠳᠦᠯᠲᠡᠢ ᠲᠣᠮᠣ ᠵᠠᠬ᠎ᠠ | ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠠᠰᠢᠭ ᠦᠭᠡᠢ ᠡᠯ᠎ᠡ ᠵᠦᠢᠯ ᠤᠨ ᠬᠠᠷᠰᠢ ᠰᠠᠭᠠᠳ ᠢ ᠬᠡᠷᠬᠢᠨ ᠠᠷᠢᠯᠭᠠᠬᠤ ᠪᠤᠢ︖ | | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠷᠢᠰᠦᠯᠳᠦᠭᠡᠨ ᠤ ᠲᠥᠷᠥ ᠶᠢᠨ | ᠪᠣᠳᠣᠯᠭ᠎ᠠ ᠶᠢ ᠵᠣᠬᠢᠴᠠᠭᠤᠯᠬᠤ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠷᠬᠡ ᠲᠡᠭᠰᠢ ᠪᠠᠷ ᠥᠷᠢᠰᠦᠯᠳᠦᠬᠦ ᠳᠦᠷᠢᠮ ᠲᠣᠭᠲᠠᠭᠠᠯ ᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠵᠦᠢ ᠵᠣᠬᠢᠰ ᠦᠭᠡᠢ ᠪᠠᠷ ᠭᠠᠷ ᠲᠦᠷᠦᠭᠦ ᠡᠯ᠎ᠡ | ᠵᠦᠢᠯ ᠤᠨ ᠦᠶᠯᠡ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ | ᠦᠭᠡᠢ ᠨᠡᠪᠲᠡᠷᠡᠬᠦ ᠶᠢ ᠠᠬᠢᠭᠤᠯᠤᠨ᠎ᠠ᠃ ︽ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠳᠦᠷᠢᠮ ᠤᠨ ᠬᠡᠷᠡᠭᠵᠢᠭᠦᠯᠬᠦ | ᠠᠷᠭ᠎ᠠ︾ ᠶᠢ ᠬᠡᠷᠡᠭᠵᠢᠭᠦᠯᠬᠦ ᠪᠠᠨ ᠲᠦᠷᠭᠡᠪᠴᠢᠯᠡᠨ ᠠᠬᠢᠭᠤᠯᠵᠤ᠂ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ | ᠶᠡᠷᠦᠩᠬᠡᠢ ᠱᠠᠭᠠᠷᠳᠠᠯᠭ᠎ᠠ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠢᠨᠠᠨ ᠪᠠᠶᠢᠴᠠᠭᠠᠬᠤ ᠲᠣᠭᠲᠠᠴᠠ ᠪᠠ ᠬᠢᠨᠠᠯᠲᠠ ᠲᠠᠯᠪᠢᠵᠤ | ᠪᠠᠲᠤᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃ | ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠬᠡᠷᠡᠭᠯᠡᠨ ᠥᠷᠢᠰᠦᠯᠳᠦᠭᠡᠨ ᠢ ᠭᠠᠳᠠᠭᠤᠷᠴᠢᠯᠠᠬᠤ᠂ ᠬᠢᠵᠠᠭᠠᠷᠯᠠᠬᠤ | ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠵᠡᠩᠨᠡᠯᠲᠡ ᠶᠢᠨ | ᠭᠤᠣᠯ ᠴᠣᠭᠴᠠ ᠶᠢᠨ ᠲᠤᠰᠬᠠᠯ ᠶᠡᠬᠡᠲᠡᠢ ᠬᠦᠷᠢᠶᠡᠨ ᠳᠤ ᠠᠩᠬᠠᠷᠤᠯ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠨᠡᠭᠦᠬᠦ ᠶᠢ ᠬᠢᠵᠠᠭᠠᠷᠯᠠᠬᠤ᠂ ᠲᠠᠸᠠᠷ ᠤᠨ | ᠬᠦᠴᠦᠨ ᠵᠦᠢᠯ ᠤᠨ ᠴᠢᠯᠦᠭᠡᠲᠡᠢ ᠭᠦᠢᠯᠭᠡᠭᠡᠨ ᠢ ᠬᠠᠷᠰᠢᠯᠠᠬᠤ᠂ ᠥᠪᠡᠷ ᠤᠨ ︽ᠪᠠᠭ᠎ᠠ ᠣᠷᠴᠢᠯ︾ ᠲᠠᠢ ᠪᠠᠶᠢᠯᠭᠠᠬᠤ ᠵᠡᠷᠭᠡ | ᠠᠵᠢᠯᠯᠠᠭ᠎ᠠ ᠶᠢ ᠡᠷᠡᠰ ᠵᠠᠯᠠᠷᠠᠭᠤᠯᠵᠤ᠂ ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠥᠨᠳᠥᠷ ᠪᠦᠲᠦᠮᠵᠢᠲᠡᠶ ᠰᠠᠭᠠᠳ | ᠦᠭᠡᠢ ᠨᠡᠪᠲᠡᠷᠡᠬᠦ ᠶᠢ ᠠᠬᠢᠭᠤᠯᠤᠨ᠎ᠠ᠃ | ᠬᠡᠰᠡᠭ ᠭᠠᠵᠠᠷ ᠣᠷᠣᠨ ᠳᠤ ᠢᠯᠡᠷᠡᠵᠦ ᠪᠠᠶᠢᠭ᠎ᠠ ︽ᠨᠢᠭᠡ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠭᠰᠠᠨ︾ | ᠪᠠᠶᠢᠳᠠᠯ ᠳᠤ ᠴᠢᠭᠯᠡᠭᠦᠯᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠠᠤᠯᠢ | ᠬᠡᠷᠡᠭᠵᠢᠭᠦᠯᠬᠦ ᠬᠢᠨᠠᠨ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠤ ᠪᠠᠨ᠂ | ︽ᠠᠷᠠᠳ ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ ᠢ ᠪᠠᠲᠤ ᠪᠣᠢ ᠪᠣᠯᠭᠠᠨ ᠦᠢᠯᠡᠴᠢᠯᠡᠬᠦ ᠬᠡᠯᠪᠡᠷᠢ ᠶᠢᠨ ᠬᠠᠤᠯᠢ | ᠬᠡᠷᠡᠭᠵᠢᠭᠦᠯᠦᠯᠲᠡ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠪᠠ ︽ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠯᠠᠭᠠᠨ ᠤ ᠵᠢᠷᠤᠮᠵᠢᠯ︾ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ︽ᠰᠡᠷᠭᠡᠶᠢᠯᠡᠬᠦ ᠪᠠᠷ ᠭᠤᠣᠯᠯᠠᠵᠤ᠂ ᠬᠥᠩᠭᠡᠨ ᠲᠣᠷᠭᠠᠭᠤᠯᠢ ᠠᠴᠠ | ᠬᠡᠯᠲᠦᠷᠢᠭᠦᠯᠬᠦ᠂ ᠬᠦᠨᠳᠦ ᠪᠠᠷ ᠵᠥᠷᠢᠴᠡᠭᠰᠡᠨ ᠪᠠᠶᠢᠪᠠᠯ ᠴᠢᠩᠭ᠎ᠠ ᠰᠢᠢᠳᠬᠡᠬᠦ᠂ ᠠᠯᠳᠠᠰᠢ ᠪᠠ ᠲᠣᠷᠭᠠᠭᠤᠯᠢ ᠶᠢ ᠲᠡᠩᠨᠡᠭᠦᠯᠬᠦ᠂ | ᠬᠡᠷᠡᠭ ᠤᠨ ᠳᠠᠷᠠᠭ᠎ᠠ ᠰᠤᠷᠪᠤᠯᠵᠢᠯᠠᠬᠤ︾ ᠦᠢᠯᠡᠴᠢᠯᠡᠬᠦ ᠬᠡᠯᠪᠡᠷᠢ ᠶᠢᠨ ᠬᠠᠤᠯᠢ ᠬᠡᠷᠡᠭᠵᠢᠭᠦᠯᠬᠦ ᠬᠡᠪ ᠵᠠᠭᠪᠤᠷ ᠢ ᠬᠦᠴᠦᠯᠡᠨ | ᠪᠠᠶᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠪᠠ ᠠᠷᠠᠳ ᠤᠯᠠᠨ ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭᠠᠨ ᠠᠴᠠ | ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠵᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠭᠠᠯ ᠪᠣᠯᠭᠠᠨ ᠠᠴᠠ ᠲᠥᠪ | ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠵᠤ ᠪᠠᠶᠢᠨ᠎ᠠ ᠭᠡᠵᠡᠢ᠃ | ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ ᠳᠤ ᠬᠤᠳᠠ ᠬᠥᠳᠡᠭᠡ ᠶᠢᠨ ᠰᠠᠭᠠᠳ ᠦᠭᠡᠢ | ᠭᠦᠢᠯᠭᠡᠭᠡᠨ ᠤ ᠲᠣᠭᠲᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ︽ᠬᠤᠲᠠ ᠬᠥᠳᠡᠭᠡ ᠶᠢ ᠨᠠᠪᠲᠠᠷᠡᠭᠦᠯᠵᠦ᠂ ᠭᠦᠢᠯᠭᠡᠭᠡ ᠶᠢ | ᠬᠥᠭᠵᠢᠶᠡᠨᠲᠡᠢ ᠪᠣᠯᠭᠠᠬᠤ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠭᠤᠣᠯ ᠠᠵᠢᠯ ᠮᠥᠨ᠂ ᠪᠥᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠲᠦᠷᠭᠡᠨ ᠠᠭᠤᠰᠤᠯᠴᠠᠬᠤ ᠪᠠ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠰᠡᠳᠦᠪ ᠲᠠᠬᠢ ᠪᠠᠶᠢᠪᠠᠰᠤ ᠵᠣᠬᠢᠬᠤ ᠠᠭᠤᠯᠭ᠎ᠠ ᠮᠥᠨ᠃︾ ᠭᠡᠵᠦ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ | ᠶᠡᠷᠦᠩᠬᠡᠢ ᠬᠤᠷᠰᠢᠶ᠎ᠠ ᠶᠢᠨ ᠠᠵᠤ ᠠᠬᠤᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠬᠡᠯᠲᠡᠰ ᠤᠨ ᠳᠠᠷᠤᠭ᠎ᠠ ᠮᠠ ᠵᠢᠢ | ᠬᠤᠩ ᠬᠡᠯᠡᠪᠡ᠃ | ᠲᠠᠷᠠᠭᠠᠴᠢ ᠶᠢᠨ ᠠᠯᠬᠤᠮ ᠳᠤ᠂ ᠪᠥᠬᠦ ᠰᠢᠰᠲ᠋ᠧᠮ ᠢᠶᠠᠷ ᠢᠶᠠᠨ ︽ᠵᠢᠷᠭᠤᠭᠠᠨ ᠬᠥᠨᠳᠡᠯᠡᠨ ᠲᠤᠯᠤᠭᠠᠨ ᠭᠤᠯᠳᠤ ᠬᠤᠶᠠᠷ | ᠬᠥᠪᠡᠭᠡ︾ ᠶᠢᠨ ᠪᠥᠬᠦ ᠤᠯᠤᠰ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠤᠩᠭᠢᠯ ᠳᠤ | ᠲᠦᠰᠢᠭᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠲᠣᠣᠷ ᠰᠦᠯᠵᠢᠶᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠨ᠎ᠡ︔ ᠲᠠᠷᠢᠶᠠᠯᠠᠩ ᠤᠨ ᠪᠦᠲᠦᠭᠡᠭᠳᠡᠬᠦᠨ ᠤ ᠤᠳᠤ ᠦᠶ᠎ᠡ ᠶᠢᠨ | ᠭᠦᠢᠯᠭᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠰᠢᠶᠠᠨ ᠰᠢᠶᠠᠩ ᠲᠣᠰᠬᠤᠨ | ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠪᠣᠳᠠᠰ ᠤᠨ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠬᠢᠷᠢ ᠲᠦᠪᠰᠢᠨ ᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ︔ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠠᠶᠢᠴᠢᠯᠠᠨ ᠠᠭᠤᠯᠠᠨ | ᠭᠠᠵᠠᠷ ᠠᠴᠠ ᠭᠠᠷᠭᠠᠵᠤ᠂ ᠵᠠᠬ᠎ᠠ ᠳᠡᠯᠭᠡᠭᠦᠷ ᠲᠤ ᠭᠠᠷᠭᠠᠨ᠎ᠠ᠃ |