6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ 2025 ᠣᠨ ᠤ ᠡᠩ | ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ | ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠵᠢᠯᠤᠭᠤᠳᠴᠤ᠂ ᠰᠢᠯᠭᠠᠭᠤᠯᠤᠭᠴᠢ ᠪᠠᠷ ᠭᠤᠣᠯ ᠪᠣᠯᠭᠠᠬᠤ ᠶᠢ | ᠪᠠᠷᠢᠮᠲᠠᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠢ ᠪᠠᠷ | ᠬᠡᠷᠡᠭᠵᠢᠭᠦᠯᠦᠨ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ᠂ ᠪᠥᠬᠦ ᠬᠤᠰᠢᠭᠤᠨ ᠤ | ᠰᠢᠯᠭᠠᠯᠲᠠ ᠳᠤ ᠣᠷᠣᠯᠴᠠᠬᠤ ᠰᠤᠷᠤᠭᠴᠢᠳ ᠲᠤ ᠡᠷᠬᠡ ᠲᠡᠭᠰᠢ᠂ ᠲᠥᠪ ᠭᠤᠥᠯᠴᠢ᠂ ᠲᠠᠭᠠᠯᠠᠮᠵᠢᠲᠠᠢ | ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ | ᠬᠤᠸᠠᠩ ᠯᠢ ᠺᠦᠨ᠂ ᠬᠤᠰᠢᠭᠤ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠪᠦᠦ ᠯᠢᠨ ᠨᠠᠷ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠬᠤᠰᠢᠭᠤ ᠶᠡᠷᠦᠩᠬᠡᠶᠢᠯᠡᠭᠰᠡᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠰᠢᠯᠭᠠᠯᠲᠠ ᠶᠢᠨ ᠠᠮᠤᠷ ᠲᠦᠪᠰᠢᠨ ᠪᠠ ᠨᠢᠭᠤᠴᠠ ᠶᠢ | ᠬᠠᠮᠠᠭᠠᠯᠠᠬᠤ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠰᠢᠯᠭᠠᠯᠲᠠ ᠶᠢᠨ ᠶᠠᠪᠤᠳᠠᠯ ᠤᠨ ᠬᠠᠮᠢᠶᠠᠷᠤᠯᠲᠠ᠂ | ᠢᠳᠡᠭᠡᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠰᠢᠯᠭᠠᠯᠲᠠ ᠶᠢᠨ ᠶᠠᠪᠤᠳᠠᠯ ᠢ ᠵᠢᠯᠤᠭᠤᠳᠬᠤ ᠲᠥᠪ ᠤᠨ | ᠸᠢᠳᠢᠣ᠋ ᠪᠠᠷ ᠬᠢᠨᠠᠨ ᠡᠵᠡᠮᠳᠡᠬᠦ ᠰᠢᠰᠲ᠋ᠧᠮ᠂ ᠰᠣᠨᠣᠰᠬᠤ ᠲᠥᠬᠦᠭᠡᠷᠦᠮᠵᠢ᠂ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ | ᠲᠠᠯᠠᠪᠤᠷ ᠵᠢᠴᠢ ᠰᠢᠯᠭᠠᠯᠲᠠ ᠶᠢᠨ ᠲᠠᠯᠠᠪᠤᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠵᠡᠷᠭᠡ | ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠰᠢᠯᠭᠠᠯᠲᠠ ᠶᠢᠨ ᠶᠠᠪᠤᠳᠠᠯ ᠤᠨ ᠠᠵᠢᠯᠲᠠᠨ ᠢ ᠠᠵᠢᠯ ᠦᠢᠯᠡᠰ ᠢᠶᠠᠨ | ᠳᠡᠭᠡᠳᠦᠯᠡᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠯᠭᠠᠭᠤᠯᠤᠭᠴᠢᠳ ᠤᠨ ᠬᠠᠮᠤᠭ | ᠤᠨ ᠰᠠᠶᠢᠨ ᠪᠠᠶᠢᠳᠠᠯ ᠢᠶᠠᠷ ᠤᠯᠤᠰ ᠤᠨ ᠨᠢᠭᠡᠳᠦᠯᠲᠡᠢ ᠰᠢᠯᠭᠠᠯᠲᠠ ᠶᠢ ᠤᠭᠲᠤᠬᠤ ᠳᠤ ᠬᠠᠪᠰᠤᠷᠬᠤ ᠶᠢ | ᠵᠣᠷᠢᠭᠵᠢᠭᠤᠯᠪᠠ᠃ | ᠪᠦᠦ ᠯᠢᠨ ᠵᠢᠭᠠᠵᠤ ᠭᠠᠷᠭᠠᠭᠰᠠᠨ ᠨᠢ᠄ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ | ᠤᠨ ᠨᠢᠭᠡᠳᠦᠯᠲᠡᠢ ᠰᠢᠯᠭᠠᠯᠲᠠ ᠪᠣᠯ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠴᠤ ᠪᠠᠶᠢᠭ᠎ᠠ ᠲᠦᠭ ᠲᠦᠮᠡᠨ | ᠠᠶᠢᠯ ᠡᠷᠦᠬᠡ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠨᠡ ᠵᠢᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ᠂ ᠰᠢᠨ᠎ᠡ | ᠲᠣᠭᠲᠠᠭᠠᠯ ᠢ ᠣᠨᠣᠪᠴᠢᠲᠠᠶ ᠡᠵᠡᠮᠳᠡᠵᠦ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ | ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ | ᠬᠢᠵᠦ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | ᠪᠦᠦ ᠯᠢᠨ ᠴᠢᠬᠤᠯᠠᠴᠢᠯᠠᠭᠰᠠᠨ ᠨᠢ᠄ ᠰᠢᠯᠭᠠᠯᠲᠠ ᠶᠢᠨ ᠠᠮᠤᠷ ᠲᠦᠪᠰᠢᠨ ᠢ ᠴᠢᠩᠭ᠎ᠠ ᠠᠳᠬᠤᠵᠤ᠂ ᠰᠢᠯᠭᠠᠯᠲᠠ ᠶᠢᠨ | ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ᠂ ᠰᠢᠯᠭᠠᠯᠲᠠ ᠶᠢᠨ ᠰᠤᠷᠲᠠᠯ᠂ ᠰᠠᠬᠢᠯᠭ᠎ᠠ ᠪᠠᠲᠤ ᠳᠤ ᠬᠢᠨᠠᠯᠲᠠ ᠲᠠᠯᠪᠢᠬᠤ | ᠪᠠ ᠭᠡᠨᠡᠳᠲᠡ ᠶᠢᠨ ᠬᠡᠷᠡᠭ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠰᠢᠯᠭᠠᠯᠲᠠ ᠶᠢᠨ | ᠡᠷᠬᠡ ᠲᠡᠭᠰᠢ ᠲᠥᠪ ᠭᠤᠥᠯᠴᠢ ᠪᠠᠶᠢᠬᠤ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡ ᠶᠢ ᠰᠢᠯᠢᠳᠡᠭᠵᠢᠭᠦᠯᠵᠦ᠂ | ᠬᠤᠭᠤᠯᠠ ᠤᠮᠳᠠ ᠪᠠ ᠬᠤᠨᠤᠭ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠢ ᠰᠠᠭᠠᠳ ᠦᠭᠡᠢ ᠪᠠᠶᠢᠯᠭᠠᠬᠤ᠂ | ᠳᠠᠭᠤ ᠱᠤᠤᠭᠢᠶᠠᠨ ᠢ ᠬᠠᠮᠢᠶᠠᠷᠤᠨ ᠡᠵᠡᠮᠳᠡᠬᠦ᠂ ᠡᠮ ᠡᠮᠨᠡᠯᠭᠡ ᠪᠠᠷ ᠠᠪᠤᠷᠠᠨ ᠲᠤᠰᠠᠯᠠᠬᠤ ᠵᠡᠷᠭᠡ ᠠᠵᠢᠯ ᠢ ᠰᠠᠶᠢᠲᠤᠷ | ᠬᠢᠵᠦ᠂ ᠰᠢᠯᠭᠠᠭᠤᠯᠤᠭᠴᠢ ᠳᠤ ᠰᠡᠳᠬᠢᠯ ᠠᠮᠤᠷ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠲᠣᠭᠤᠷᠢᠨ ᠢ ᠬᠠᠩᠭᠠᠬᠤ | ᠬᠡᠷᠡᠭᠲᠡᠢ᠃ ᠡᠭᠦᠨ ᠤ ᠬᠠᠮᠲᠤ᠂ ᠰᠢᠯᠭᠠᠭᠤᠯᠤᠭᠴᠢ ᠶᠢᠨ ᠰᠢᠨᠵᠢᠯᠡᠬᠦ ᠤᠬᠠᠭᠠᠨᠴᠢ ᠪᠠᠷ ᠰᠤᠷᠤᠯᠴᠠᠵᠤ ᠠᠮᠠᠷᠠᠬᠤ ᠶᠢ | ᠤᠶᠠᠯᠳᠤᠭᠤᠯᠬᠤ ᠶᠢ ᠬᠥᠲᠥᠯᠥᠨ ᠵᠢᠯᠤᠭᠤᠳᠴᠤ᠂ ᠰᠢᠯᠭᠠᠯᠲᠠ ᠳᠠᠭᠠᠨ ᠰᠠᠶᠢᠨ ᠬᠢᠷᠢ ᠪᠦᠲᠦᠮᠵᠢ ᠣᠯᠵᠤ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠮᠢᠳᠤᠷᠠᠯ ᠢᠶᠠᠨ ᠲᠡᠭᠦᠰ ᠠᠮᠵᠢᠯᠲᠠ ᠲᠠᠢ ᠲᠡᠭᠦᠰᠬᠡᠬᠦ ᠳᠤ ᠨᠢ | ᠬᠠᠪᠰᠤᠷᠤᠮᠵᠢ ᠦᠵᠡᠭᠦᠯᠬᠦ ᠬᠡᠷᠡᠭᠲᠡᠢ ᠭᠡᠵᠡᠢ᠃ | | |