500 ᠲᠦᠮᠡᠨ ᠲᠥᠭᠦᠷᠢᠭ ︕ ᠪᠠᠷᠠᠭᠤᠨ ᠦᠵᠦᠮᠦᠴᠢᠨ ᠬᠤᠰᠢᠭᠤ ᠨᠢ ᠬᠡᠷᠡᠭᠯᠡᠭᠡᠨ  ᠤ  ᠲᠡᠮᠳᠡᠭᠲᠦ  ᠲᠠᠷᠬᠠᠭᠠᠪᠠ
ᠨᠡᠶᠢᠲᠡᠯᠡᠭᠰᠡᠨ ᠴᠠᠭ᠄
2025/6/9
   6 ᠰᠠᠷ᠎ᠠ ᠶᠢᠨ 6 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ 2025 ᠣᠨ ᠳᠤ ︽ᠪᠠᠷᠠᠭᠤᠨ ᠦᠵᠦᠮᠦᠴᠢᠨ ᠬᠤᠰᠢᠭᠤᠨ ᠤ ᠰᠥᠨᠢ ᠶᠢᠨ ᠴᠡᠩᠭᠡᠯ ᠤᠨ ᠬᠡᠷᠡᠭᠯᠡᠭᠡᠨ ᠤ ᠲᠠᠯ᠎ᠠ ᠨᠤᠲᠤᠭ ᠤᠨ ᠵᠢᠭᠤᠯᠴᠢᠯᠠᠯ︾ ᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠠᠵᠢᠯᠯᠠᠭ᠎ᠠ ᠵᠢᠩᠬᠢᠨᠢ ᠪᠠᠷ ᠡᠬᠢᠯᠡᠵᠦ᠂ 500 ᠲᠦᠮᠡᠨ ᠲᠥᠭᠦᠷᠢᠭ ᠤᠨ ᠬᠤᠳᠠᠯᠳᠤᠭ᠎ᠠ ᠲᠡᠯᠭᠡᠭᠦᠷ᠂ ᠢᠳᠡᠭᠡᠨ ᠤᠮᠳᠠᠭᠠᠨ᠂  ᠬᠤᠨᠤᠭ ᠪᠠᠭᠤᠳᠠᠯ ᠤᠨ ᠬᠦᠷᠢᠶ᠎ᠡ ᠴᠠᠷᠠᠭ᠎ᠠ ᠶᠢᠨ ᠭᠡᠷᠡᠭᠯᠡᠭᠡᠨ ᠤ ᠲᠡᠮᠲᠡᠭᠲᠦ ᠶᠢ ᠲᠠᠷᠬᠠᠭᠠᠵᠠᠢ᠃    ᠲᠤᠰ ᠠᠵᠢᠯᠯᠠᠭ᠎ᠠ ᠨᠢ 2025 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ︽ᠬᠡᠷᠡᠭᠯᠡᠭᠡ ᠶᠢ ᠶᠡᠬᠡᠪᠡᠷ ᠬᠥᠭᠵᠢᠭᠡᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ︾ ᠵᠣᠷᠢᠭ ᠰᠠᠨᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠶᠡᠨ᠂ ︽ᠰᠥᠨᠢ ᠶᠢᠨ ᠠᠵᠤ ᠠᠬᠤᠢ︾ ᠶᠢᠨ ᠳᠠᠯᠳᠠ ᠬᠦᠴᠦᠨ ᠢ ᠪᠠᠳᠠᠷᠠᠭᠤᠯᠬᠤ ᠪᠠᠷ ᠬᠠᠷᠠᠯᠲᠠ ᠪᠠᠨ ᠪᠤᠯᠭᠠᠵᠠᠢ᠃   ᠣᠶᠢᠯᠠᠭᠠᠭᠰᠠᠨ ᠢᠶᠠᠷ᠂ ᠪᠥᠬᠦ ᠬᠤᠰᠢᠭᠤᠨ ᠳᠤ ᠨᠡᠶᠢᠲᠡ 450 ᠭᠠᠷᠤᠢ ᠬᠤᠳᠠᠯᠳᠤᠭᠠᠨ ᠤ ᠡᠷᠦᠬᠡ ᠠᠵᠢᠯᠯᠠᠭ᠎ᠠ  ᠳᠤ ᠣᠷᠣᠯᠴᠠᠵᠤ᠂ ᠬᠤᠭᠤᠯᠠ ᠤᠮᠳᠠ᠂ ᠬᠤᠨᠤᠭ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠨᠡᠶᠢᠳᠡᠮ ᠬᠡᠷᠡᠭᠯᠡᠭᠡᠨ ᠤ ᠬᠡᠷᠡᠭᠯᠡᠭᠡᠨ ᠤ ᠪᠠᠶᠢᠳᠠᠯ ᠢ ᠬᠠᠮᠤᠷᠤᠭᠰᠠᠨ ᠪᠠᠶᠢᠨ᠎ᠠ᠃ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢᠨ ᠲᠦᠷᠦᠯ ᠵᠦᠢᠯ ᠢ ᠰᠥᠨᠢ ᠶᠢᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠲᠡᠮᠳᠡᠭᠲᠦ ᠪᠠ ᠨᠡᠶᠢᠳᠡᠮ ᠬᠡᠷᠡᠭᠯᠡᠬᠦ ᠬᠡᠷᠡᠭᠯᠡᠭᠡᠨ ᠤ ᠲᠡᠮᠳᠡᠭᠲᠦ ᠭᠡᠵᠦ ᠬᠤᠶᠠᠷ ᠵᠦᠢᠯ ᠳᠤ ᠬᠤᠪᠢᠶᠠᠨ᠎ᠠ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号