6 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ | ᠬᠤᠩ ᠭᠠᠩ ᠪᠦᠯᠬᠦᠮ ᠳᠠᠭᠠᠭᠤᠯᠤᠨ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ | ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ ᠭᠦᠨᠵᠡᠭᠡᠶᠢᠷᠡᠨ᠂ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠡᠵᠡᠩᠨᠡᠯᠲᠡ᠂ ᠬᠤᠲᠠ ᠪᠠᠯᠭᠠᠰᠤᠨ ᠤ | ᠬᠠᠮᠢᠶᠠᠷᠤᠯᠲᠠ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠃ ᠬᠤᠰᠢᠭᠤ ᠤᠳᠤᠷᠢᠳᠤᠯᠭ᠎ᠠ ᠶᠣᠣ ᠬᠠᠢ ᠰᠢᠶᠠ᠂ ᠦ᠋ ᡁᠢ ᠴᠢᠶᠠᠩ᠂ ᠮᠧᠩ ᠹᠠᠨ | ᠸᠧᠢ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯᠣᠨ ᠪᠠᠶᠠᠨᠬᠤᠸᠠ ᠪᠠᠯᠭᠠᠰᠤᠨ ᠤ ᠬᠠᠮᠢᠶ᠎ᠠ | ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | | | ᠮᠧᠩ ᠭᠦᠢ ᠺᠣᠮᠫᠠᠨᠢ ᠶᠢᠨ ᠴᠡᠪᠡᠷ ᠥᠭᠡᠬᠦᠨ ᠴᠢᠯᠠᠭᠤᠨ ᠡᠯᠡᠰᠦ ᠪᠣᠯᠪᠠᠰᠤᠷᠠᠭᠤᠯᠬᠤ ᠰᠠᠭᠤᠷᠢᠨ ᠭᠠᠵᠠᠷ᠂ | ᠬᠥᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠳᠤᠮᠳᠠ ᠪᠠᠭ᠎ᠠ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠬᠤ ᠬᠦᠷᠢᠶᠡᠯᠡᠩ᠂ ᠪᠠᠶᠠᠨᠬᠤᠸᠠ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠢᠮᠢ ᠶᠢᠨ ᠠᠵᠤ | ᠦᠢᠯᠡᠳᠪᠦᠷᠢ ᠲᠥᠪᠯᠡᠷᠡᠭᠰᠡᠨ ᠲᠣᠭᠤᠷᠢᠭ᠂ ᠥᠪᠥᠷ ᠮᠣᠩᠭᠤᠯ ᠤᠨ ᠪᠦᠦ ᠱᠦᠸᠧ ᠰᠢᠨ᠎ᠡ ᠮᠠᠲ᠋ᠧᠷᠢᠶᠠᠯ ᠤᠨ | ᠬᠢᠵᠠᠭᠠᠷᠲᠤ ᠺᠣᠮᠫᠠᠨᠢ᠂ ᠶᠤᠸᠠᠨ ᠹᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠪᠠ | ᠲᠥᠷᠥᠯ ᠵᠦᠢᠯ ᠤᠨ ᠲᠤᠬᠠᠢ ᠶᠢᠨ ᠲᠠᠯᠠᠪᠤᠷ ᠲᠤ᠂ ᠶᠣᠣ ᠬᠤᠩ ᠭᠠᠩ ᠡᠯ᠎ᠡ ᠲᠥᠷᠥᠯ ᠵᠦᠢᠯ ᠤᠨ ᠠᠬᠢᠴᠠ ᠶᠢᠨ | ᠪᠠᠶᠢᠳᠠᠯ ᠪᠠ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠪᠡ᠃ ᠲᠡᠷᠡ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ | ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠦᠢᠯᠡᠴᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠦᠴᠢᠷ ᠲᠦᠪᠡᠭᠲᠡᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠳᠤ ᠬᠠᠪᠰᠤᠷᠤᠨ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠰᠠᠶᠢᠨ ᠨᠥᠬᠦᠴᠡᠯ ᠢ ᠪᠦᠷᠢᠯᠳᠦᠭᠦᠯᠵᠦ᠂ | ᠮᠠᠨ ᠤ ᠬᠤᠰᠢᠭᠤᠨ ᠤ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ ᠲᠠᠰ ᠳᠡᠪᠰᠢᠭᠦᠯᠬᠦ ᠶᠢ | ᠠᠬᠢᠭᠤᠯᠬᠤ ᠬᠡᠷᠡᠭᠲᠡᠢ᠃ ᠡᠯ᠎ᠡ ᠠᠵᠤ ᠠᠬᠤᠶᠢᠯᠠᠯ ᠨᠢ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠶᠢᠨ ᠬᠠᠮᠲᠤ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ | ᠠᠩᠬᠠᠷᠴᠤ᠂ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠶᠢ ᠲᠦᠷᠭᠡᠳᠬᠡᠵᠦ᠂ ᠥᠨᠳᠥᠷ | ᠪᠠᠷᠢᠮᠵᠢᠶ᠎ᠠ ᠪᠠᠷ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃ | ᠪᠣᠬᠢᠷᠲᠤᠯ ᠦᠭᠡᠢ ᠴᠠᠬᠢᠯᠭᠠᠨ ᠤ ᠲᠦᠷᠦᠯ ᠵᠦᠢᠯ ᠢ ᠪᠠᠶᠢᠴᠠᠭᠠᠨ ᠰᠤᠳᠤᠯᠬᠤ ᠳᠠᠭᠠᠨ᠂ ᠶᠣᠣ ᠬᠤᠩ ᠭᠠᠩ | ᠥᠪᠥᠷ ᠮᠣᠩᠭᠤᠯ ᠤᠨ ᠪᠠᠶᠠᠨᠬᠤᠸᠠ ᠬᠥᠩᠭᠡᠨᠴᠠᠭᠠᠨ ᠴᠠᠬᠢᠯᠭᠠᠨ ᠤ ᠬᠢᠵᠠᠭᠠᠷᠲᠤ ᠺᠣᠮᠫᠠᠨᠢ ᠵᠢᠴᠢ ᠥᠪᠡᠷᠲᠡᠭᠡᠨ | ᠪᠡᠯᠡᠳᠬᠡᠭᠰᠡᠨ ᠴᠠᠬᠢᠯᠭᠠᠨ ᠦᠢᠯᠡᠳᠪᠦᠷᠢ ᠵᠡᠷᠭᠡ ᠭᠠᠵᠠᠷ ᠲᠤ ᠬᠦᠷᠴᠦ᠂ ᠭᠡᠷᠡᠯ ᠴᠡᠨᠡᠭ ᠤᠨ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠲᠡᠷᠡ ᠵᠢᠭᠠᠬᠤ ᠳᠠᠭᠠᠨ᠂ | ᠰᠢᠨ᠎ᠡ ᠡᠨᠧᠷᠭᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ | ᠠᠯᠬᠤᠮ ᠢ ᠲᠦᠷᠭᠡᠳᠬᠡᠵᠦ᠂ ︽ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠡᠨᠧᠷᠭᠢ ᠶᠢᠨ ᠬᠠᠩᠭᠠᠯᠭ᠎ᠠ ᠶᠢ | ᠪᠠᠲᠤᠯᠠᠬᠤ ᠪᠠ ᠪᠣᠬᠢᠷᠲᠤᠯ ᠦᠭᠡᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃ | | | ᠶᠣᠣ ᠬᠤᠩ ᠭᠠᠩ ᠨᠠᠷ ᠪᠠᠰᠠ ᠤᠯᠤᠰ ᠤᠨ ᠵᠠᠮ ᠤᠨ 305 ᠱᠤᠭᠤᠮ᠂ ᠬᠦᠷᠢᠶᠡᠯᠡᠩ ᠲᠣᠭᠤᠷᠢᠭ ᠤᠨ | ᠰᠢᠨ᠎ᠡ ᠪᠠᠷ ᠪᠠᠶᠢᠭᠤᠯᠵᠤ ᠪᠠᠶᠢᠭ᠎ᠠ ᠵᠠᠮ ᠱᠤᠭᠤᠮ ᠵᠡᠷᠭᠡ ᠵᠠᠮ ᠤᠨ ᠢᠨᠵᠧᠨᠧᠷᠢᠩ ᠤᠨ ᠲᠤᠬᠠᠢ ᠶᠢᠨ ᠲᠠᠯᠠᠪᠠᠢ ᠪᠣᠯᠣᠨ | ᠪᠠᠶᠠᠨᠬᠤᠸᠠ ᠪᠠᠯᠭᠠᠰᠤ᠂ ᠪᠦᠯᠬᠦᠮᠳᠡᠯ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠣᠭᠤᠷᠢᠭ ᠵᠡᠷᠭᠡ ᠭᠠᠵᠠᠷ ᠲᠤ | ᠭᠦᠨᠵᠡᠭᠡᠶᠢᠷᠡᠨ᠂ ᠬᠤᠳᠠ ᠪᠠᠯᠭᠠᠰᠤᠨ ᠤ ᠵᠠᠮ ᠤᠨ ᠲᠣᠣᠷ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠵᠢᠴᠢ ᠬᠤᠳᠠ ᠪᠠᠯᠭᠠᠰᠤᠨ ᠤ ᠬᠠᠮᠢᠶᠠᠷᠤᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠬᠤ | ᠳᠠᠭᠠᠨ᠂ ᠬᠦᠷᠢᠶᠡᠯᠡᠩ ᠲᠣᠭᠤᠷᠢᠭ ᠤᠨ ᠵᠠᠮ ᠤᠨ ᠲᠣᠣᠷ ᠢ ᠰᠢᠯᠢᠳᠡᠭᠵᠢᠭᠦᠯᠬᠦ ᠪᠠ ᠬᠤᠳᠠ ᠪᠠᠯᠭᠠᠰᠤᠨ ᠤ ᠴᠢᠳᠠᠪᠬᠢ | ᠶᠢ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢ ᠢᠵᠢ | ᠪᠦᠷᠢᠳᠦᠭᠦᠯᠬᠦ ᠶᠢ ᠲᠦᠷᠭᠡᠳᠬᠡᠨ᠂ ᠵᠠᠮ ᠤᠨ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ | ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠬᠤᠲᠠ ᠪᠠᠯᠭᠠᠰᠤᠨ ᠤ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠳᠠᠯᠳᠤᠭᠠᠨ ᠤ ᠲᠣᠭᠤᠷᠢᠭ ᠤᠨ ᠪᠠᠶᠢᠷᠢᠰᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠬᠤᠲᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠨ ᠪᠠᠶᠢᠭᠤᠯᠤᠭᠰᠠᠨ ᠪᠠᠷᠢᠯᠭ᠎ᠠ ᠶᠢ ᠴᠡᠭᠴᠡᠯᠡᠨ ᠵᠠᠰᠠᠬᠤ ᠠᠵᠢᠯ ᠤᠨ ᠡᠷᠴᠢᠮ | ᠢ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠪᠣᠯᠣᠨ ᠰᠠᠭᠤᠭᠠᠯᠢ ᠠᠷᠠᠳ ᠲᠤ ᠨᠠᠩ ᠳᠥᠭᠦᠮ ᠳᠥᠲᠡ᠂ | ᠲᠠᠭᠠᠯᠠᠮᠵᠢᠲᠠᠢ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠢ ᠭᠡᠵᠡᠢ᠃ |