6 ᠰᠠᠷ᠎ᠠ ᠶᠢᠨ 3—4 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠬᠠᠮᠤᠭ ᠭᠤᠶᠣ ᠬᠡᠷᠡᠯ ᠵᠢᠷᠤᠭ ᠤᠨ ︽ | ᠲᠠᠯ᠎ᠠ ᠨᠤᠳᠤᠭ ᠡᠯᠡᠰᠦᠨ ᠱᠤᠭᠤᠮ︾ ᠤᠨ ᠠᠩᠬᠠᠳᠠᠭᠴᠢ ᠬᠡᠷᠡᠯ ᠵᠢᠷᠤᠭ ᠤᠨ ᠵᠢᠭᠤᠯᠴᠢᠯᠠᠯ ᠤᠨ ᠪᠦᠯᠬᠦᠮ ᠪᠠᠷᠠᠭᠤᠨ | ᠦᠵᠦᠮᠦᠴᠢᠨ ᠬᠤᠰᠢᠭᠤᠨ ᠤ ᠴᠠᠭᠠᠨ ᠠᠳᠤᠭᠤᠨ ᠤ ᠰᠠᠭᠤᠷᠢᠨ ᠭᠠᠵᠠᠷ ᠲᠤ ᠬᠦᠷᠴᠦ ᠬᠡᠷᠡᠯ ᠵᠢᠷᠤᠭ ᠰᠡᠭᠦᠳᠡᠷᠯᠡᠬᠦ | ᠠᠵᠢᠯᠯᠠᠭ᠎ᠠ ᠦᠷᠨᠢᠭᠦᠯᠪᠡ᠃ | | | ᠲᠤᠰ ᠤᠳᠠᠭᠠᠨ ᠤ ᠠᠵᠢᠯᠯᠠᠭ᠎ᠠ ᠳᠤ᠂ ᠪᠡᠭᠡᠵᠢᠩ᠂ ᠱᠠᠩᠬᠠᠢ᠂ ᠯᠢᠶᠣᠤᠨᠢᠩ ᠵᠡᠷᠭᠡ ᠭᠠᠵᠠᠷ ᠤᠨ ᠭᠡᠷᠡᠯ ᠵᠢᠷᠤᠭ | ᠤᠨ ᠪᠠᠭ᠋ᠠᠳᠠᠳ ᠪᠠ ᠠᠮᠧᠷᠢᠺᠠ ᠶᠢᠨ ᠲᠤᠮᠳᠠᠳᠤ ᠶᠢᠨ ᠬᠠᠷᠢᠶᠠᠳᠤ ᠶᠢᠨ ᠭᠡᠷᠡᠯ ᠵᠢᠷᠤᠭ ᠤᠨ ᠨᠡᠶᠢᠭᠡᠮᠯᠢᠭ ᠵᠡᠷᠭᠡ ᠤᠯᠠᠨ | ᠤᠯᠤᠰ ᠤᠨ ᠭᠡᠷᠡᠯ ᠵᠢᠷᠤᠭᠴᠢᠳ ᠨᠡᠶᠢᠳᠡ 200 ᠭᠠᠷᠤᠢ ᠬᠥᠮᠥᠨ ︵ᠤᠳᠠᠭ᠎ᠠ︶ ᠣᠷᠣᠯᠴᠠᠵᠤ᠂ ᠠᠭᠤᠳᠠᠮ ᠲᠠᠯ᠎ᠠ | ᠨᠤᠲᠤᠭ ᠲᠡᠭᠡᠷᠡᠬᠢ ᠴᠠᠭᠠᠨ ᠠᠳᠤᠭᠤᠨ ᠤ ᠦᠵᠡᠰᠬᠦᠯᠡᠩᠳᠦ ᠲᠦᠷᠢ ᠵᠢᠷᠤᠭ ᠢ ᠰᠡᠭᠦᠳᠡᠷᠯᠡᠨ ᠰᠢᠩᠭᠡᠭᠡᠭᠰᠡᠨ ᠪᠠᠶᠢᠨ᠎ᠠ᠃ | | | | | | ᠪᠠᠷᠠᠭᠤᠨ ᠦᠵᠦᠮᠦᠴᠢᠨ ᠬᠤᠰᠢᠭᠤ ᠨᠢ ︽ᠳᠤᠮᠳᠠᠳᠤ ᠤᠯᠤᠰ ᠤᠨ ᠴᠠᠭᠠᠨ ᠠᠳᠤᠭᠤᠨ ᠤ ᠦᠯᠦᠭᠡᠢ︾ | ᠬᠡᠮᠡᠭᠳᠡᠵᠦ᠂ ᠰᠢᠯᠢᠳᠡᠭ ᠰᠠᠶᠢᠨ ᠦᠵᠦᠮᠦᠴᠢᠨ ᠴᠠᠭᠠᠨ ᠮᠣᠷᠢ ᠪᠠᠷ ᠢᠶᠠᠨ ᠠᠯᠳᠠᠷᠰᠢᠭᠰᠠᠨ ᠪᠥᠭᠡᠳ ᠴᠠᠭᠠᠨ ᠮᠣᠷᠢᠨ ᠤ | ᠠᠵᠤ ᠦᠢᠯᠡᠰ ᠪᠠ ᠰᠣᠶᠣᠯ ᠵᠢᠭᠤᠯᠴᠢᠯᠠᠯ ᠢ ᠬᠥᠭᠵᠢᠭᠦᠯᠵᠦ ᠪᠠᠶᠢᠨ᠎ᠠ᠃ ᠡᠨᠡ ᠵᠢᠯ ᠤᠨ 4 ᠰᠠᠷ᠎ᠠ ᠳᠤ ᠪᠠᠷᠠᠭᠤᠨ | ᠦᠵᠦᠮᠦᠴᠢᠨ ᠬᠤᠰᠢᠭᠤᠨ ᠤ ᠠᠯᠳᠠᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ | ᠨᠢ ᠨᠠᠢᠮᠠᠨ ᠬᠤᠰᠢᠭᠤ᠂ ᠣᠩᠨᠢᠭᠤᠳ ᠬᠤᠰᠢᠭᠤ ᠵᠡᠷᠭᠡ ᠭᠠᠵᠠᠷ ᠤᠷᠤᠨ ᠤ ᠵᠢᠭᠤᠯᠴᠢᠯᠠᠯ ᠤᠨ ᠺᠤᠮᠫᠠᠨᠢ ᠪᠤᠯᠤᠨ ᠬᠡᠷᠡᠯ | ᠵᠢᠷᠤᠭ ᠤᠨ ᠺᠯᠦ᠋ᠪ ᠲᠠᠢ ᠬᠠᠮᠲᠤᠷᠠᠨ ᠳᠤᠮᠳᠠᠳᠤ ᠤᠯᠤᠰ ᠤᠨ ᠬᠠᠮᠤᠭ ᠭᠤᠶᠣ ᠬᠡᠷᠡᠯ ᠵᠢᠷᠤᠭ ᠤᠨ ︽ᠲᠠᠯ᠎ᠠ ᠨᠤᠳᠤᠭ | ᠡᠯᠡᠰᠦᠨ ᠱᠤᠭᠤᠮ︾ ᠤᠨ ᠬᠡᠷᠡᠯ ᠵᠢᠷᠤᠭ ᠤᠨ ᠬᠤᠯᠪᠣᠭᠠᠲᠤ ᠴᠣᠭᠴᠠ ᠶᠢ ᠪᠠᠶᠢᠭᠤᠯᠵᠤ᠂ ᠲᠤᠭᠳᠠᠭᠰᠠᠨ ᠬᠤᠭᠤᠴᠠᠭᠠᠨ | ᠳᠤ ᠭᠡᠷᠡᠯ ᠵᠢᠷᠤᠭ ᠰᠡᠭᠦᠳᠡᠷᠯᠡᠬᠦ ᠠᠵᠢᠯᠯᠠᠭ᠎ᠠ ᠦᠷᠨᠢᠬᠦᠯᠬᠦ ᠪᠠᠷ ᠪᠠᠶᠢᠨ᠎ᠠ᠃ |