ᠪᠠᠷᠠᠭᠤᠨ ᠦᠵᠦᠮᠦᠴᠢᠨ ᠬᠤᠰᠢᠭᠤᠨ ᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠢᠨ᠎ᠡ ᠰᠤᠷᠤᠭᠴᠢ ᠰᠦᠯᠵᠢᠶᠡᠨ ᠳᠤ ᠮᠡᠳᠡᠭᠡ ᠵᠠᠩᠭᠢ ᠪᠠᠨ ᠳᠠᠩᠰᠠᠯᠠᠬᠤ ᠪᠠ ᠲᠤᠬᠠᠢ ᠶᠢᠨ ᠲᠠᠯᠠᠪᠠᠢ ᠳᠤ ᠨᠡᠷ᠎ᠡ ᠮᠡᠳᠡᠬᠦᠯᠬᠦ ᠲᠤᠬᠠᠢ ᠮᠡᠳᠡᠭᠲᠡᠯ
ᠨᠡᠶᠢᠲᠡᠯᠡᠭᠰᠡᠨ ᠴᠠᠭ᠄
2025/6/9
     2025 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠠᠷᠠᠭᠤᠨ ᠦᠵᠦᠮᠦᠴᠢᠨ ᠬᠤᠰᠢᠭᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ︽ᠰᠦᠯᠵᠢᠶ᠎ᠡ ᠪᠠᠷ ᠨᠡᠷ᠎ᠡ ᠮᠡᠳᠡᠬᠦᠯᠬᠦ︾  ᠦᠶᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ  ᠤᠨ ᠰᠢᠨ᠎ᠡ ᠰᠣᠷᠣᠭᠴᠢ ᠶᠢᠨ ︽ᠰᠦᠯᠵᠢᠶ᠎ᠡ ᠪᠠᠷ ᠨᠡᠷ᠎ᠡ ᠮᠡᠳᠡᠬᠦᠯᠬᠦ ᠲᠠᠪᠴᠠᠩ︾ ᠢ ᠠᠰᠢᠭᠯᠠᠵᠤ᠂ ᠰᠦᠯᠵᠢᠶᠠᠨ ᠳᠤ ᠮᠡᠳᠡᠭᠡ ᠵᠠᠩᠭᠢ ᠪᠠᠨ ᠳᠠᠩᠰᠠᠯᠠᠬᠤ ᠪᠠ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ ᠶᠢ ᠤᠶᠠᠯᠳᠤᠭᠤᠯᠬᠤ ᠬᠡᠯᠪᠡᠷᠢ ᠪᠠᠷ ᠬᠡᠦᠬᠡᠳ ᠤᠨ ᠴᠡᠴᠡᠷᠯᠢᠭ ᠤᠨ ᠪᠠᠭ᠎ᠠ ᠠᠩᠭᠢ ᠶᠢᠨ ᠰᠢᠨ᠎ᠡ ᠰᠤᠷᠤᠭᠴᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠨᠡᠷ᠎ᠡ ᠮᠡᠳᠡᠬᠦᠯᠬᠦ ᠠᠵᠢᠯ ᠢ ᠦᠷᠨᠢᠬᠦᠯᠦᠨ᠎ᠡ᠂ ᠬᠠᠮᠢᠶ᠎ᠠ ᠪᠦᠬᠦᠢ ᠵᠦᠢᠯᠡᠰ ᠢ ᠲᠤᠤᠷᠠᠬᠢ ᠮᠡᠲᠦ ᠮᠡᠳᠡᠭᠲᠡᠶ᠎ᠡ᠄     ᠨᠢᠭᠡ  ᠂ ᠡᠯ᠎ᠡ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠤᠭᠴᠢ ᠶᠢᠨ ᠬᠤᠪᠢᠶᠠᠷᠢᠯᠠᠯᠲᠠ᠄     ᠪᠠᠯᠭᠠᠷᠭᠤᠤᠯ ᠪᠠᠯᠭᠠᠰᠤ᠂ ᠬᠤᠭᠤᠯᠠᠲᠤ ᠶᠢᠨ ᠭᠤᠤᠯ ᠪᠠᠯᠭᠠᠰᠤ᠂ ᠵᠢᠷ ᠤᠨ ᠭᠤᠤᠯ ᠪᠠᠯᠭᠠᠰᠤ᠂ ᠤᠯᠠᠭᠠᠨ ᠬᠠᠭᠠᠯᠭ᠎ᠠ ᠰᠤᠮᠤ᠂ ᠪᠠᠶᠠᠨᠬᠤᠰᠢᠭᠤ ᠰᠤᠮᠤᠨ ᠤ ᠡᠷᠦᠬᠡ ᠠᠮᠠ ᠲᠠᠢ ᠨᠢ ᠪᠠᠯᠭᠠᠷᠭᠤᠤᠯ ᠪᠠᠯᠭᠠᠰᠤᠨ ᠳᠤ ᠪᠠᠶᠢᠩᠭᠤ ᠰᠠᠭᠤᠭ᠎ᠠ᠂ ᠰᠠᠭᠤᠷᠢᠰᠢᠭ᠎ᠠ᠂ ᠲᠦᠷ ᠰᠠᠭᠤᠭ᠎ᠠ ᠪᠠᠶᠢᠳᠠᠯ ᠢᠶᠠᠨ ᠦᠨᠳᠦᠰᠦᠯᠡᠨ᠂ ᠣᠶᠢᠷ᠎ᠠ ᠬᠠᠪᠢ ᠳᠠᠭᠠᠨ ᠰᠤᠷᠭᠠᠭᠤᠯᠢᠯᠠᠬᠤ ᠵᠠᠷᠴᠢᠮ ᠢᠶᠠᠷ ᠨᠡᠶᠢᠭᠡᠮ ᠲᠣᠭᠤᠷᠢᠭ ᠢᠶᠠᠷ ᠨᠢ ᠬᠤᠪᠢᠶᠠᠷᠢᠯᠠᠨ᠎ᠠ  ᠃     ᠪᠠᠶᠠᠩᠬᠤᠸᠠ ᠪᠠᠯᠭᠠᠰᠤ᠂ ᠭᠤᠷᠣᠬᠠᠨ ᠪᠠᠯᠭᠠᠰᠤᠨ ᠤ ᠡᠷᠦᠬᠡ ᠠᠮᠠ ᠲᠠᠢ ᠪᠤᠯᠤᠨ ᠪᠠᠶᠠᠩᠬᠤᠸᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠠᠵᠢᠯᠲᠠᠳ ᠤᠨ ᠬᠡᠦᠬᠡᠳ ᠢ ᠣᠶᠢᠷ᠎ᠠ ᠬᠠᠪᠢ ᠳᠠᠭᠠᠨ ᠰᠤᠷᠭᠠᠭᠤᠯᠢᠯᠠᠬᠤ ᠵᠠᠷᠴᠢᠮ ᠢᠶᠠᠷ ᠪᠠᠶᠠᠩᠬᠤᠸᠠ ᠪᠠᠯᠭᠠᠰᠤ᠂ ᠭᠤᠷᠣᠬᠠᠨ ᠪᠠᠯᠭᠠᠰᠤᠨ ᠳᠤ ᠬᠤᠪᠢᠶᠠᠷᠢᠯᠠᠨ᠎ᠠ᠃     ᠪᠤᠳᠠᠲᠠᠢ ᠬᠤᠪᠢᠶᠠᠷᠢᠯᠠᠭᠰᠠᠨ ᠪᠠᠶᠢᠳᠠᠯ ᠨᠢ ᠳᠤᠤᠷᠠᠬᠢ ᠮᠡᠲᠦ᠄     ᠪᠠᠶᠠᠨ᠋ᠠ᠋ᠭᠤᠯᠠ ᠬᠡᠦᠬᠡᠳ ᠤᠨ ᠴᠡᠴᠡᠷᠯᠢᠭ᠄  ᠪᠠᠶᠠᠩᠭᠤᠤᠯ ᠨᠡᠶᠢᠭᠡᠮ ᠲᠣᠭᠤᠷᠢᠭ     ᠪᠠᠶᠠᠨᠬᠤᠰᠢᠭᠤ ᠬᠡᠦᠬᠡᠳ ᠤᠨ ᠴᠡᠴᠡᠷᠯᠢᠭ᠄ ᠪᠠᠶᠠᠨ᠋ᠠ᠋ᠭᠤᠯᠠ ᠨᠡᠶᠢᠭᠡᠮ ᠲᠣᠭᠤᠷᠢᠭ     ᠵᠢᠷ ᠤᠨ ᠭᠤᠣᠯ ᠬᠡᠦᠬᠡᠳ ᠤᠨ ᠴᠡᠴᠡᠷᠯᠢᠭ᠄ ᠬᠠᠩᠠ᠋ᠭᠤᠯᠠ ᠨᠡᠶᠢᠭᠡᠮ ᠲᠣᠭᠤᠷᠢᠭ᠂ ᠪᠠᠶᠠᠨᠬᠤᠰᠢᠭᠤ ᠨᠡᠶᠢᠭᠡᠮ ᠲᠣᠭᠤᠷᠢᠭ     ᠪᠠᠯᠭᠠᠷᠭᠤᠤᠯ ᠬᠡᠦᠬᠡᠳ ᠤᠨ ᠴᠡᠴᠡᠷᠯᠢᠭ᠄ ᠪᠠᠯᠭᠠᠷ ᠨᠡᠶᠢᠭᠡᠮ ᠲᠣᠭᠤᠷᠢᠭ     ᠬᠤᠭᠤᠯᠠᠲᠤ ᠶᠢᠨ ᠭᠤᠤᠯ ᠬᠡᠦᠬᠡᠳ ᠤᠨ ᠴᠡᠴᠡᠷᠯᠢᠭ ︵ᠰᠢᠨ᠎ᠡ︶᠄ ᠪᠤᠷᠤᠲᠤᠯᠤᠭᠠᠢ ᠨᠡᠶᠢᠭᠡᠮ ᠲᠣᠭᠤᠷᠢᠭ     ᠪᠠᠶᠠᠩᠬᠤᠸᠠ ᠬᠡᠦᠬᠡᠳ ᠤᠨ ᠴᠡᠴᠡᠷᠯᠢᠭ᠄ ᠪᠠᠶᠠᠩᠬᠤᠸᠠ ᠪᠠᠯᠭᠠᠰᠤ᠂ ᠪᠠᠶᠠᠩᠬᠤᠸᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠠᠵᠢᠯᠲᠠᠳ ᠤᠨ ᠬᠡᠦᠬᠡᠳ ᠭᠤᠷᠣᠬᠠᠨ ᠭᠤᠤᠯ ᠬᠡᠦᠬᠡᠳ ᠤᠨ ᠴᠡᠴᠡᠷᠯᠢᠭ᠄ ᠭᠤᠷᠣᠬᠠᠨ ᠪᠠᠯᠭᠠᠰᠤ    ᠬᠤᠶᠠᠷ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠤᠭ᠎ᠠ   ⒈ ᠪᠠᠶᠠᠨ᠋ᠠ᠋ᠭᠤᠯᠠ ᠬᠡᠦᠬᠡᠳ ᠤᠨ ᠴᠡᠴᠡᠷᠯᠢᠭ 100 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ  ᠂ 4 ᠠᠩᠭᠢ  ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃   ⒉ᠪᠠᠶᠠᠨᠬᠤᠰᠢᠭᠤ ᠬᠡᠦᠬᠡᠳ ᠤᠨ ᠴᠡᠴᠡᠷᠯᠢᠭ 100 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ᠂ 4 ᠠᠩᠭᠢ  ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃   ⒊ ᠵᠢᠷ ᠤᠨ ᠭᠤᠤᠯ ᠬᠡᠦᠬᠡᠳ ᠤᠨ ᠴᠡᠴᠡᠷᠯᠢᠭ 125 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ ᠂ 5 ᠠᠩᠭᠢ  ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃   ⒋ᠪᠠᠯᠭᠠᠷᠭᠤᠤᠯ ᠬᠡᠦᠬᠡᠳ ᠤᠨ ᠴᠡᠴᠡᠷᠯᠢᠭ 75 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ᠂ 3 ᠠᠩᠭᠢ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃   ⒌ ᠪᠠᠶᠠᠩᠬᠤᠸᠠ ᠬᠡᠦᠬᠡᠳ ᠤᠨ ᠴᠡᠴᠡᠷᠯᠢᠭ 75 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ᠂ 3 ᠠᠩᠭᠢ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃   ⒍ᠭᠤᠷᠣᠬᠠᠨ ᠭᠤᠤᠯ ᠬᠡᠦᠬᠡᠳ ᠤᠨ ᠴᠡᠴᠡᠷᠯᠢᠭ 25 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ᠂ 1 ᠠᠩᠭᠢ᠂ 25 ᠬᠡᠦᠬᠡᠳ ᠢᠶᠠᠷ ᠬᠢᠵᠠᠭᠠᠷᠯᠠᠨ᠎ᠠ᠃   ⒎ᠬᠤᠭᠤᠯᠠᠲᠤ ᠶᠢᠨ ᠭᠤᠤᠯ ᠬᠡᠦᠬᠡᠳ ᠤᠨ ᠴᠡᠴᠡᠷᠯᠢᠭ 75 ᠰᠤᠷᠬᠤ ᠨᠠᠰᠤᠨ ᠤ ᠬᠡᠦᠬᠡᠳ ᠡᠯᠰᠡᠬᠦ ᠪᠠᠷ ᠲᠦᠯᠦᠪᠯᠡᠵᠦ᠂ 3 ᠠᠩᠭᠢ᠂ ᠠᠩᠭᠢ ᠪᠦᠷᠢ ᠳᠤ 25 ᠬᠡᠦᠬᠡᠳ ᠢᠶᠠᠷ ᠬᠢᠵᠠᠭᠠᠷᠯᠠᠨ᠎ᠠ᠃ ᠳᠤᠮᠳᠠ ᠠᠩᠭᠢ ᠪᠠ ᠶᠡᠭᠡ ᠠᠩᠭᠢ ᠨᠢ ᠣᠶᠢᠷ᠎ᠠ ᠬᠠᠪᠢ ᠳᠠᠭᠠᠨ ᠰᠤᠷᠭᠠᠭᠤᠯᠢᠯᠠᠬᠤ ᠵᠠᠷᠴᠢᠮ ᠢᠶᠠᠷ ᠲᠤᠬᠠᠢ ᠶᠢᠨ ᠲᠠᠯᠠᠪᠠᠢ  ᠳᠤ ᠨᠡᠷ᠎ᠡ ᠮᠡᠳᠡᠭᠦᠯᠦᠨ᠎ᠡ ᠃2024ᠤᠨ ᠳᠤ ᠨᠡᠷ᠎ᠡ ᠮᠡᠳᠡᠭᠦᠯᠦᠭᠰᠡᠨ ᠰᠢᠨ᠎ᠡ ᠰᠤᠷᠤᠭᠴᠢ ᠨᠠᠮᠤᠷ ᠤᠨ ᠬᠤᠭᠤᠴᠠᠭ᠎ᠠ ᠰᠤᠷᠭᠠᠭᠤᠯᠢ ᠡᠬᠢᠯᠡᠬᠦ ᠳᠤ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠦᠨ᠎ᠡ᠃    ᠬᠡᠷᠪᠡ ᠨᠡᠷ᠎ᠡ ᠮᠡᠳᠡᠭᠦᠯᠦᠭᠰᠡᠨ ᠰᠤᠷᠬᠤ ᠨᠠᠰᠤᠨ ᠤ ᠬᠡᠦᠬᠡᠳ ᠤᠨ ᠲᠤᠭ᠎ᠠ ᠨᠢ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠯᠥᠪᠯᠡᠭᠡ ᠳᠤ ᠬᠦᠷᠦᠭᠰᠡᠨ ᠪᠠᠶᠢᠪᠠᠯ ᠪᠦᠬᠦᠨ ᠢ ᠡᠯᠰᠡᠨ᠎ᠡ᠃    ᠬᠡᠷᠪᠡ ᠨᠡᠷ᠎ᠡ ᠮᠡᠳᠡᠭᠦᠯᠦᠭᠰᠡᠨ ᠰᠤᠷᠬᠤ ᠨᠠᠰᠤᠨ ᠤ ᠬᠡᠦᠬᠡᠳ ᠤᠨ ᠲᠤᠭ᠎ᠠ ᠨᠢ ᠰᠣᠷᠣᠭᠴᠢ ᠡᠯᠰᠡᠬᠦ ᠲᠥᠯᠥᠪᠯᠡᠭᠡ  ᠶᠢᠨ ᠲᠤᠭ᠎ᠠ ᠠᠴᠠ ᠳᠠᠪᠠᠪᠠᠯ᠂ ᠡᠯ᠎ᠡ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠲᠤ ᠪᠦᠷᠢᠳᠬᠡᠬᠦᠯᠦᠭᠰᠡᠨ ᠪᠥᠬᠦ ᠰᠤᠷᠬᠤ ᠨᠠᠰᠤᠨ ᠤ ᠬᠡᠦᠬᠡᠳ ᠢ ᠢᠯᠡ ᠪᠠᠷ ᠰᠢᠪᠠᠭ᠎ᠠ ᠰᠤᠭᠤᠯᠬᠤ  ᠬᠡᠯᠪᠡᠷᠢ ᠪᠠᠷ ᠰᠣᠷᠣᠭᠴᠢ ᠪᠠᠨ ᠡᠯᠰᠡᠨ᠎ᠡ᠃ ᠰᠢᠪᠠᠭ᠎ᠠ ᠰᠤᠭᠤᠯᠬᠤ ᠡᠳᠦᠷ ᠬᠤᠭᠤᠴᠠᠭ᠎ᠠ   ᠶᠢ ᠲᠠᠬᠢᠵᠤ ᠮᠡᠳᠡᠭᠲᠡᠨ᠎ᠡ᠃    ᠬᠡᠷᠪᠡ ᠰᠣᠷᠣᠭᠴᠢ ᠡᠯᠰᠡᠬᠦ ᠲᠥᠯᠥᠪᠯᠡᠭᠡ ᠳᠤ ᠭᠦᠷᠦᠭᠰᠡᠨ ᠥᠬᠡᠶ ᠬᠡᠦᠬᠡᠳ ᠤᠨ ᠴᠡᠴᠡᠷᠯᠢᠭ  ᠂ ᠰᠣᠷᠣᠭᠴᠢ ᠡᠯᠰᠡᠬᠦ ᠲᠤᠭᠠᠨ ᠤ ᠳᠤᠲᠠᠵᠤ ᠪᠠᠶᠢᠬᠤ ᠪᠠᠶᠢᠳᠠᠯ ᠢ ᠦᠨᠳᠦᠰᠦᠯᠡᠨ᠂ ᠪᠠᠷᠠᠭᠤᠨ ᠦᠵᠦᠮᠦᠴᠢᠨ ᠬᠤᠰᠢᠭᠤᠨ ᠳᠤ ᠡᠷᠦᠬᠡ ᠠᠮᠠ ᠦᠬᠡᠢ ᠰᠤᠷᠬᠤ ᠨᠠᠰᠤᠨ ᠤ ᠬᠡᠦᠬᠡᠳ ᠢ ᠨᠢᠭᠡᠳᠦᠯᠲᠡᠶ ᠲᠥᠯᠥᠪᠯᠡᠨ ᠡᠯᠰᠡᠬᠦ ᠪᠤᠯᠤᠨ᠎ᠠ᠃    ᠭᠤᠷᠪᠠ᠂ ᠰᠦᠯᠵᠢᠶᠡᠨ ᠳᠤ ᠳᠠᠩᠰᠠᠯᠠᠬᠤ ᠴᠠᠭ    ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠰᠢᠨ᠎ᠡ ᠰᠣᠷᠤᠭᠴᠢ ᠶᠢᠨ ᠮᠡᠳᠡᠭᠡ ᠵᠠᠩᠭᠢ ᠳᠠᠩᠰᠠᠯᠠᠬᠤ ᠴᠠᠭ᠄ 6 ᠰᠠᠷ᠎ᠠ ᠶᠢᠨ 9 ᠤ ᠡᠳᠦᠷ ᠠᠴᠠ 6 ᠰᠠᠷ᠎ᠠ ᠶᠢᠨ 22 ᠤ ᠡᠳᠦᠷ ᠪᠤᠯᠲᠠᠯ᠎ᠠ    ᠳᠥᠷᠪᠡ᠂ ᠲᠤᠬᠠᠢ ᠶᠢᠨ ᠲᠠᠯᠠᠪᠠᠢ ︵ᠰᠦᠯᠵᠢᠶᠠᠨ ᠭᠠᠳᠠᠨ᠎ᠠ︶ ᠳᠤ ᠨᠡᠷ᠎ᠡ ᠮᠡᠳᠡᠭᠦᠯᠬᠦ ᠱᠠᠲᠤ ᠦᠶ᠎ᠡ      ᠰᠢᠰᠲ᠋ᠧᠮ ᠳᠤ ᠣᠷᠣᠭᠤᠯᠬᠤ ᠦᠶᠡᠰ ᠠᠰᠠᠭᠤᠳᠠᠯ ᠤᠷᠤᠰᠢᠬᠤ ᠪᠤᠶᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠥᠬᠡᠶ ᠰᠤᠷᠬᠤ ᠨᠠᠰᠤᠨ ᠤ ᠬᠡᠦᠬᠡᠳ ᠪᠠ ᠰᠤᠷᠤᠭᠴᠢᠳ ᠲᠤ ᠴᠢᠭᠯᠡᠭᠦᠯᠦᠨ᠂ ᠲᠤᠬᠠᠶ ᠶᠢᠨ ᠲᠠᠯᠠᠪᠠᠢ ᠳᠤ ᠨᠢ ᠨᠡᠷ᠎ᠡ ᠮᠡᠳᠡᠭᠦᠯᠦᠨ᠎ᠠ᠃ ᠰᠤᠷᠤᠭᠴᠢ ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠢ ᠡᠷᠦᠬᠡ ᠠᠮᠠ ᠶᠢᠨ ᠳᠡᠪᠲᠡᠷ᠂ ᠲᠥᠷᠥᠭᠰᠡᠨ ᠦᠨᠡᠮᠯᠡᠯ᠂ ᠲᠠᠷᠢᠯᠭ᠎ᠠ ᠶᠢᠨ ᠦᠨᠡᠮᠯᠡᠯ᠂ ᠭᠡᠷ ᠬᠥᠷᠥᠩᠭᠡ ᠶᠢᠨ ᠦᠨᠡᠮᠯᠡᠯ᠂ ᠲᠦᠷᠢᠶᠡᠰᠦᠯᠡᠬᠦ ᠭᠡᠷ᠎ᠡ ᠵᠡᠷᠭᠡ ᠬᠠᠮᠢᠶ᠎ᠠ ᠪᠦᠬᠦᠢ ᠮᠠᠲ᠋ᠧᠷᠢᠶᠠᠯ ︵ᠣᠭ ᠮᠠᠲ᠋ᠧᠷᠢᠶᠠᠯ ᠤᠨ ᠰᠢᠷᠪᠢᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠢ 1 ᠬᠤᠪᠢ︶  ᠢᠶᠠᠨ ᠪᠦᠷᠢᠯᠳᠦᠭᠦᠯᠦᠨ ᠰᠦᠯᠵᠢᠶᠡᠨ ᠳᠡᠭᠡᠷ᠎ᠡ ᠳᠠᠩᠰᠠᠯᠠᠭᠤᠯᠬᠤ  ᠦᠶᠡᠰ ᠪᠡᠯᠡᠨ  ᠪᠠᠶᠢᠯᠭᠠᠵᠤ᠂  ᠭᠡᠷ ᠠᠴᠠ ᠪᠠᠨ ᠤᠶᠢᠷ᠎ᠠ ᠬᠠᠪᠢ ᠶᠢᠨ ᠬᠡᠦᠬᠡᠳ ᠤᠨ ᠴᠡᠴᠡᠷᠯᠢᠭ ᠤᠨ ᠲᠤᠬᠠᠶ ᠶᠢᠨ ᠲᠠᠯᠠᠪᠠᠢ ᠳᠤ ᠨᠡᠷ᠎ᠡ ᠮᠡᠳᠡᠭᠦᠯᠦᠨ᠎ᠡ᠃    ᠲᠠᠪᠤ᠂ ᠬᠡᠦᠬᠡᠳ ᠤᠨ ᠴᠡᠴᠡᠷᠯᠢᠭ ᠲᠤ ᠣᠷᠣᠬᠤ ᠮᠡᠳᠡᠭᠡ ᠵᠠᠩᠭᠢ ᠶᠢᠨ ᠳᠠᠩᠰᠠᠯᠠᠯ ᠤᠨ ᠰᠦᠯᠵᠢᠶ᠎ᠡ ᠪᠠ ᠬᠦᠷᠢᠶ᠎ᠡ ᠬᠡᠪᠴᠢᠶ᠎ᠡ    ︵ᠨᠢᠭᠡ︶ ᠰᠤᠷᠠᠭ ᠵᠠᠩᠭᠢ ᠳᠠᠩᠰᠠᠯᠠᠬᠤ ᠰᠦᠯᠵᠢᠶᠡᠨ ᠬᠠᠶ᠋ᠢᠭ᠄    ᠭᠠᠷ ᠤᠲᠠᠰᠤ ᠪᠤᠶᠤ ᠺᠣᠮᠫᠢᠦ᠋ᠲ᠋ᠧᠷ ᠤᠨ ᠬᠠᠶᠢᠭᠤᠷ ᠢᠶᠠᠷ ᠰᠦᠯᠵᠢᠶᠠᠨ ᠬᠠᠶ᠋ᠢᠭ http᠄ // 61.134.97.218᠄ 51080 / ᠲᠤ ᠣᠷᠣᠵᠤ᠂ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠳᠤ ᠣᠷᠣᠬᠤ ᠲᠣᠭᠠᠴᠢᠯᠠᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠳᠤ ᠨᠡᠪᠲᠡᠷᠡᠨ᠎ᠡ᠃    ︵ᠬᠤᠶᠠᠷ︶ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠣᠷᠣᠬᠤ ᠶᠢ ᠳᠠᠩᠰᠠᠯᠠᠬᠤ ᠬᠡᠪᠴᠢᠶ᠎ᠡ᠄ ᠪᠦᠬᠦᠯᠢ 3 ᠨᠠᠰᠤᠲᠠᠢ ᠬᠡᠤᠬᠡᠳ ︵ᠲᠦᠷᠦᠭᠰᠡᠨ ᠤᠨ ᠰᠠᠷ᠎ᠠ᠄ 2021 ᠤᠨ ᠤ 9 ᠰᠠᠷ᠎ᠠ  ᠶᠢᠨ 1 ᠤ ᠡᠳᠦᠷ — 2022 ᠤᠨ ᠤ 8 ᠰᠠᠷ᠎ᠠ ᠶᠢᠨ 31 ᠤ ᠡᠲᠦᠷ︶ ᠴᠦᠮ ᠰᠦᠯᠵᠢᠶ᠎ᠡ ᠪᠠᠷ ᠨᠡᠷ᠎ᠡ ᠮᠡᠳᠡᠬᠦᠯᠵᠦ ᠪᠤᠯᠤᠨ᠎ᠠ᠃    ᠪᠡᠶ᠎ᠡ ᠮᠠᠬᠠᠪᠣᠳ ᠤᠨ ᠪᠠᠶᠢᠳᠠᠯ ᠠᠴᠠ ᠪᠣᠯᠵᠣ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠴᠢᠬᠤᠯᠠᠲᠠᠶ ᠬᠡᠦᠬᠡᠳ ᠢ ᠡᠴᠢᠭᠡ ᠡᠬᠡ ᠨᠢ ᠪᠤᠶᠤ ᠬᠠᠤᠯᠢ ᠪᠠᠷ ᠲᠣᠭᠲᠠᠭᠠᠭᠰᠠᠨ ᠬᠢᠨᠠᠨ ᠬᠠᠮᠢᠶᠠᠷᠤᠭᠴᠢ ᠨᠢ ᠪᠦᠷᠢᠳᠬᠡᠯ ᠤᠨ ᠲᠠᠪᠴᠠᠩ ᠳᠤ ︽ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠪᠦᠷᠢᠳᠬᠡᠯ︾ ᠢ ᠲᠠᠭᠯᠠᠵᠤ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠠᠷ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠶᠢ ᠨᠢ ᠬᠤᠶᠢᠰᠢᠯᠠᠭᠤᠯᠵᠤ ᠪᠣᠯᠤᠨ᠎ᠠ᠃     ᠵᠢᠷᠭᠤᠭ᠎ᠠ᠂ ᠰᠤᠷᠠᠭ ᠵᠠᠩᠭᠢ ᠳᠠᠩᠰᠠᠯᠠᠬᠤ ᠳᠤ ᠠᠩᠬᠠᠷᠬᠤ ᠵᠦᠶᠯ     ︵ᠨᠢᠭᠡ︶ ᠨᠡᠷ᠎ᠡ ᠮᠡᠳᠡᠬᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠺᠣᠮᠫᠢᠦ᠋ᠲ᠋ᠧᠷ ᠢᠶᠠᠷ ᠪᠤᠯ Google ᠬᠠᠶᠢᠭᠤᠷ ᠢ ᠪᠠᠭᠤᠯᠭᠠᠨ ᠤᠭᠰᠠᠷᠠᠵᠤ᠂ ᠭᠠᠷ ᠤᠲᠠᠰᠤ ᠪᠠᠷ ᠪᠤᠯ ᠭᠠᠷ ᠤᠲᠠᠰᠤᠨ ᠤ QQ ᠬᠠᠶᠢᠭᠤᠷ ᠢ ᠪᠠᠭᠤᠯᠭᠠᠨ ᠠᠪᠴᠤ᠂ ᠣᠷᠣᠭᠤᠯᠬᠤ ᠰᠦᠯᠵᠢᠶᠡᠨ ᠤ ᠬᠠᠶ᠋ᠢᠭ ︵ http᠄ // 61.134.97.218᠄ 51080 /︶ ᠢᠶᠠᠷ ᠤᠷᠤᠵᠤ ᠨᠡᠷ᠎ᠡ ᠮᠡᠳᠡᠬᠦᠯᠦᠨ᠎ᠡ᠃    ︵ᠬᠤᠶᠠᠷ︶ ᠰᠢᠯᠢ ᠶᠢᠨ ᠭᠤᠣᠯ ᠠᠶᠢᠮᠠᠭ ᠤᠨ ᠬᠡᠦᠬᠡᠳ ᠤᠨ ᠴᠡᠴᠡᠷᠯᠢᠭ ᠪᠠ ᠰᠤᠷᠭᠠᠭᠤᠯᠢ ᠳᠤ ᠣᠷᠣᠬᠤ ᠲᠣᠭᠠᠴᠢᠯᠠᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ︽ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠶᠢ ᠰᠦᠯᠵᠢᠶ᠎ᠡ ᠪᠠᠷ ᠨᠡᠷ᠎ᠡ ᠮᠡᠳᠡᠭᠦᠯᠬᠦ ᠶᠠᠪᠤᠴᠠ︾  ᠶᠢᠨ ᠲᠠᠶᠢᠯᠤᠮᠵᠢ ᠶᠢ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠡ ︵http᠄ // www.xwq.gov.cn︶᠂ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠣᠯᠤᠨ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠸᠢᠴᠠᠲ ᠤᠨ ᠨᠡᠶᠢᠲᠡ ᠶᠢᠨ ᠲᠠᠪᠴᠠᠩ ᠢᠶᠠᠷ ᠶᠠᠪᠤᠭᠤᠯᠤᠨ᠎ᠠ᠃ ᠰᠤᠷᠤᠭᠴᠢ  ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠡᠷ᠎ᠡ ᠮᠡᠳᠡᠭᠦᠯᠬᠦ ᠰᠢᠰᠲ᠋ᠧᠮ ᠤᠨ ᠲᠠᠶᠢᠯᠤᠮᠵᠢ ᠶᠢ ᠴᠠᠭ ᠲᠤᠬᠠᠢ ᠳᠤ ᠨᠢ ᠨᠠᠷᠢᠨ ᠬᠢᠨᠠᠮᠠᠭᠠᠶ ᠦᠵᠡᠭᠡᠷᠡᠶ᠃    ︵ᠭᠤᠷᠪᠠ︶ ᠰᠤᠷᠤᠭᠴᠢ ᠶᠢᠨ ᠭᠡᠷ ᠤᠨ ᠠᠬᠠᠮᠠᠳ ᠪᠤᠶᠤ ᠬᠢᠨᠠᠨ ᠬᠠᠮᠢᠶᠠᠷᠤᠭᠴᠢ ᠨᠢ ᠨᠡᠷ᠎ᠡ ᠮᠡᠳᠡᠬᠦᠯᠬᠦ ᠶᠠᠪᠤᠴᠠ ᠶᠢ ᠦᠨᠳᠦᠰᠦᠯᠡᠨ᠂ ᠲᠣᠭᠲᠠᠭᠰᠠᠨ ᠴᠠᠭ ᠬᠤᠭᠤᠴᠠᠭᠠᠨ ᠳᠤ ︽ᠰᠤᠷᠭᠠᠭᠤᠯᠢ᠂ ᠬᠡᠦᠬᠡᠳ ᠤᠨ ᠴᠡᠴᠡᠷᠯᠢᠭ  ᠲᠤ ᠤᠷᠤᠬᠤ︾ ᠨᠡᠷ᠎ᠡ ᠮᠡᠳᠡᠭᠦᠯᠬᠦ ᠰᠢᠰᠲ᠋ᠧᠮ ᠳᠤ ᠲᠠᠩᠰᠠᠯᠠᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠲᠠᠭᠯᠠᠨ᠎ᠠ᠃ ᠮᠡᠳᠡᠭᠡ ᠵᠠᠩᠭᠢ ᠶᠢ ᠳᠠᠩᠰᠠᠯᠠᠬᠤ ᠠᠴᠠ ᠡᠮᠦᠨ᠎ᠡ ᠡᠷᠦᠬᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ᠂ ᠬᠡᠷ ᠬᠥᠷᠥᠩᠭᠡ ᠶᠢᠨ ᠦᠨᠡᠮᠯᠡᠯ᠂ ᠲᠦᠷᠢᠶᠡᠰᠤᠨ ᠤ ᠬᠡᠷ᠎ᠡ ᠵᠡᠷᠭᠡ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢᠶᠠᠨ ᠪᠡᠯᠡᠳᠬᠡᠵᠦ᠂ ᠮᠠᠲ᠋ᠧᠷᠢᠶᠠᠯ ᠢᠶᠠᠨ ᠲᠤᠰᠢᠶᠠᠭᠰᠠᠨ ᠤ ᠳᠠᠷᠠᠭ᠎ᠠ ᠴᠠᠭ ᠲᠤᠬᠠᠶ ᠳᠤᠨᠢ ᠬᠢᠨᠠᠨ ᠬᠠᠷᠭᠤᠭᠤᠯᠤᠭᠰᠠᠨ ᠪᠠᠶᠢᠳᠠᠯ ᠢ ᠠᠩᠬᠠᠷᠬᠤ ᠬᠡᠷᠡᠭᠲᠡᠶ᠃ ᠰᠢᠰᠲ᠋ᠧᠮ ᠨᠢ ᠳᠤᠭᠲᠠᠭᠰᠠᠨ ᠳᠠᠩᠰᠠᠯᠠᠬᠤ ᠴᠠᠭ ᠲᠤ ᠳᠠᠩᠰᠠᠯᠠᠭᠤᠯᠵᠤ ᠳᠠᠭᠤᠰᠤᠭᠰᠠᠨ ᠤ ᠳᠠᠷᠠᠭ᠎ᠠ ᠥᠪᠡᠷᠲᠡᠭᠡᠨ ᠬᠠᠭᠠᠭᠳᠠᠨ᠎ᠠ᠃    ︵ᠳᠥᠷᠪᠡ︶ ᠰᠦᠯᠵᠢᠶᠡᠨ ᠳᠡᠭᠡᠷ᠎ᠡ ᠳᠡᠩᠰᠡᠯᠡᠨ ᠲᠡᠮᠳᠡᠭᠯᠡᠭᠦᠯᠦᠭᠰᠡᠨ ᠮᠡᠳᠡᠭᠡ ᠵᠠᠩᠭᠢ ᠪᠠ ᠲᠤᠭ᠎ᠠ ᠪᠠᠷᠢᠮᠲᠠ ᠨᠢ ᠰᠤᠷᠬᠤ ᠨᠠᠰᠤᠨ ᠤ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢᠯᠠᠬᠤ ᠳᠤ  ᠪᠠᠲᠤᠯᠠᠭ᠎ᠠ ᠤᠯᠭᠤᠵᠤ᠂ ᠡᠮᠦᠨ᠎ᠡ ᠬᠤᠶᠢᠨ᠎ᠠ ᠳᠡᠩᠰᠡᠯᠡᠨ ᠲᠡᠮᠳᠡᠭᠯᠡᠬᠦ ᠲᠠᠰ ᠳᠠᠷᠠᠭᠠᠯᠠᠯ ᠨᠢ ᠰᠤᠷᠤᠭᠴᠢᠳ ᠤᠨ ᠰᠤᠷᠭᠠᠭᠤᠯᠢ ᠳᠤ ᠣᠷᠣᠬᠤ ᠪᠤᠶᠤ ᠬᠡᠦᠬᠡᠳ ᠤᠨ ᠴᠡᠴᠡᠷᠯᠢᠭ ᠲᠤ ᠣᠷᠣᠬᠤ ᠶᠢ ᠨᠥᠯᠥᠭᠡᠯᠡᠬᠦ ᠥᠬᠡᠶ᠃   ︵ᠲᠠᠪᠤ︶ ᠰᠦᠯᠵᠢᠶᠠᠨ ᠳᠤ ᠮᠡᠳᠡᠭᠡ ᠵᠠᠩᠭᠢ ᠳᠠᠩᠰᠠᠯᠠᠬᠤ ᠪᠠ ᠲᠤᠬᠠᠢ ᠶᠢᠨ ᠲᠠᠯᠠᠪᠠᠢ ︵ᠰᠦᠯᠵᠢᠶᠠᠨ ᠭᠠᠳᠠᠨ᠎ᠠ︶  ᠳᠤ ᠨᠡᠷ᠎ᠡ ᠮᠡᠳᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠵᠤ ᠳᠠᠭᠤᠰᠤᠭᠰᠠᠨ ᠤ ᠳᠠᠷᠠᠭ᠎ᠠ᠂ ᠨᠡᠷᠡᠰ ᠢ ᠡᠯ᠎ᠡ ᠰᠤᠷᠭᠠᠭᠤᠯᠢ ᠶᠢᠨ ᠸᠢᠴᠠᠲ ᠤᠨ ᠤᠯᠠᠨ ᠨᠡᠶᠢᠲᠡ ᠶᠢᠨ ᠲᠠᠪᠴᠠᠩ ᠳᠤ ᠨᠡᠶᠢᠲᠡᠯᠡᠨ᠎ᠡ᠃   ︵ᠵᠢᠷᠭᠤᠭ᠎ᠠ︶ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠢᠨ᠎ᠡ ᠰᠣᠷᠣᠭᠴᠢ ᠶᠢᠨ ᠰᠦᠯᠵᠢᠶ᠎ᠡ  ᠪᠠᠷ ᠨᠡᠷ᠎ᠡ ᠮᠡᠳᠡᠬᠦᠯᠬᠦ ᠪᠠ ᠲᠤᠬᠠᠢ ᠶᠢᠨ ᠲᠠᠯᠠᠪᠠᠢ ︵ᠰᠦᠯᠵᠢᠶᠡᠨ ᠭᠠᠳᠠᠨ᠎ᠠ︶ ᠳᠤ ᠨᠡᠷ᠎ᠡ ᠮᠡᠳᠡᠭᠦᠯᠬᠦ ᠵᠦᠶᠯᠡᠰ ᠤᠨ ᠠᠰᠠᠭᠤᠨ ᠯᠠᠪᠯᠠᠬᠤ ᠤᠲᠠᠰᠤ᠄ 0479 — 6829101 ︵ᠬᠤᠰᠢᠭᠤ ᠰᠤᠷᠭᠠᠨ ᠬᠥᠮᠥᠵᠢᠯ ᠤᠨ ᠲᠣᠪᠴᠢᠶᠠᠨ ᠤ ᠰᠠᠭᠤᠷᠢ ᠰᠤᠷᠭᠠᠨ ᠬᠥᠮᠥᠵᠢᠯ ᠤᠨ ᠲᠠᠰᠤᠭ︶    ᠠᠰᠠᠭᠤᠨ ᠯᠠᠪᠯᠠᠬᠤ ᠴᠠᠭ᠄ 2025 ᠤᠨ ᠤ 6 ᠰᠠᠷ᠎ᠠ ᠶᠢᠨ 9 ᠤ ᠡᠳᠦᠷ ᠠᠴᠠ 6 ᠰᠠᠷ᠎ᠠ ᠶᠢᠨ 22 ᠤ ᠡᠳᠦᠷ ᠤᠨ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 8᠄ 30 ᠠᠴᠠ 11᠄ 30 ; ᠦᠳᠡ ᠶᠢᠨ ᠬᠤᠶᠢᠨ᠎ᠠ 2᠄ 30 ᠠᠴᠠ 5᠄ 30
      ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ                                                                                                    2025 ᠤᠨ ᠤ 6 ᠰᠠᠷ᠎ᠠ ᠶᠢᠨ 6 ᠤ ᠡᠲᠦᠷ
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号