​ᠮᠠᠨ ᠤ ᠣᠷᠣᠨ ᠤᠯᠤᠰ ᠤᠨ ᠨᠢᠭᠡᠳᠦᠯᠲᠡᠢ ᠰᠢᠯᠭᠠᠯᠲᠠ ᠳᠤ ᠠᠮᠤᠷ ᠲᠦᠪᠰᠢᠨ ᠣᠷᠴᠢᠨ ᠬᠠᠩᠭᠠᠵᠤ ᠪᠤᠢ
ᠨᠡᠶᠢᠲᠡᠯᠡᠭᠰᠡᠨ ᠴᠠᠭ᠄
2025/6/9
    ᠣᠶᠢᠷ᠎ᠠ ᠶᠢᠨ ᠡᠳᠦᠷ᠂ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠢᠳᠡᠭᠡᠨ ᠤ ᠠᠮᠤᠷ ᠲᠦᠪᠰᠢᠨ᠂ ᠰᠤᠷᠤᠬᠴᠢ ᠶᠢᠨ ᠪᠢᠴᠢᠭ ᠤᠨ ᠬᠡᠷᠡᠭᠰᠡᠯ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠵᠡᠷᠭᠡ ᠵᠠᠩᠭᠢᠯᠠᠭ᠎ᠠ ᠶᠢᠨ ᠬᠦᠷᠢᠶ᠎ᠡ ᠪᠠᠷ ᠭᠤᠣᠯᠳᠠᠭᠤᠯᠵᠤ᠂ ᠤᠯᠤᠰ ᠤᠨ ᠨᠢᠭᠡᠳᠦᠯᠲᠡᠢ ᠰᠢᠯᠭᠠᠯᠲᠠ ᠠᠴᠠ ᠡᠮᠦᠨᠡᠬᠢ ᠲᠤᠰᠬᠠᠢ ᠪᠠᠶᠢᠴᠠᠭᠠᠯᠲᠠ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢᠵᠢᠭᠦᠯᠪᠡ᠃     6 ᠰᠠᠷ᠎ᠠ ᠶᠢᠨ 3 ᠤ ᠡᠳᠦᠷ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠩᠭᠢ ᠪᠠᠶᠢᠭᠤᠯᠵᠤ᠂ ᠵᠢᠨᠢᠩ ᠲᠣᠭᠤᠷᠢᠭ ᠤᠨ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠪᠠᠭᠤᠳᠠᠯ ᠤᠨ ᠦᠨ᠎ᠡ ᠬᠠᠩᠰᠢ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠪᠠᠷ ᠬᠢᠨᠠᠯᠲᠠ ᠪᠠᠶᠢᠴᠠᠭᠠᠯᠲᠠ ᠬᠢᠵᠦ᠂ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠪᠦᠭᠦ ᠬᠦᠴᠦᠨ ᠢᠶᠠᠷ ᠢᠶᠠᠨ ᠵᠢᠷᠤᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠵᠦᠢᠯᠡᠰ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠬᠤ ᠳᠤᠭᠤᠶᠢᠯᠠᠩ ᠡᠯ᠎ᠡ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠭᠡᠮ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠢᠷᠡᠯᠲᠡ᠂ ᠢᠳᠡᠭᠡᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠢᠯᠯᠠᠭ᠎ᠠ ᠪᠠ ᠬᠠᠳᠠᠭᠠᠯᠠᠬᠤ ᠨᠥᠬᠦᠴᠡᠯ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠡᠳ᠋ ᠢ ᠦᠯᠡᠳᠡᠭᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠠᠶᠢᠴᠠᠭᠠᠯᠲᠠ ᠬᠢᠪᠡ᠃     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠢᠯᠭᠠᠯᠲᠠ ᠳᠤ ᠬᠤᠯᠪᠣᠭᠳᠠᠭᠰᠠᠨ ᠵᠠᠷ ᠮᠡᠳᠡᠭᠡ ᠳᠤ ᠲᠤᠰᠬᠠᠢ ᠬᠢᠨᠠᠨ ᠪᠠᠶᠢᠴᠠᠭᠠᠯᠲᠠ ᠬᠢᠵᠦ᠂ ᠬᠠᠮᠢᠶ᠎ᠠ ᠪᠦᠬᠦᠢ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠬᠠᠤᠯᠢ ᠠᠴᠠ ᠵᠥᠷᠢᠴᠡᠬᠦ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠯᠤᠰ ᠤᠨ ᠨᠢᠭᠡᠳᠦᠯᠲᠡᠢ ᠰᠢᠯᠭᠠᠯᠲᠠ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠦᠨ ᠥᠭᠴᠦ ᠪᠤᠢ᠃ ᠰᠤᠷᠭᠠᠨ ᠬᠥᠮᠦᠵᠢᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠠᠰᠠᠭᠤᠳᠠᠯ ᠤᠨ ᠰᠦᠪᠡᠭᠴᠢ ᠶᠢ ᠢᠯᠡᠷᠡᠭᠦᠯᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠨ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ ᠨᠡᠶᠢᠲᠡᠯᠡᠬᠦ ᠠᠵᠢᠯᠯᠠᠭ᠎ᠠ ᠶᠢ ᠪᠦᠳᠤᠮᠵᠢᠳᠠᠢ ᠬᠤᠷᠢᠭᠯᠠᠵᠤ ᠪᠠᠶᠢᠨ᠎ᠠ᠃
 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号