ᠪᠠᠷᠠᠭᠤᠨ  ᠦᠵᠦᠮᠦᠴᠢᠨ  ᠬᠤᠰᠢᠭᠤᠨ   ᠤ  ᠮᠣᠩᠭᠤᠯ  ᠮᠣᠷᠢᠨ  ᠤ ᠬᠤᠯᠪᠣᠭᠠᠲᠤ ᠤᠷᠤᠯᠳᠤᠭᠠᠨ ᠤ ᠪᠠᠯᠭᠠᠰᠤᠨ ᠤ ᠲᠠᠰ ᠤᠨ ᠤᠷᠤᠯᠳᠤᠭᠠᠨ ᠤ ᠭᠤᠷᠣᠬᠠᠨ  ᠪᠠᠯᠭᠠᠰᠤᠨ  ᠤ  ᠥᠷᠲᠡᠭᠡ  ᠤᠷᠤᠯᠳᠤᠭᠠᠨ  ᠶᠠᠪᠤᠭᠳᠠᠪᠠ
ᠨᠡᠶᠢᠲᠡᠯᠡᠭᠰᠡᠨ ᠴᠠᠭ᠄
2025/6/9
    6 ᠰᠠᠷ᠎ᠠ  ᠶᠢᠨ 5  ᠤ ᠡᠳᠦᠷ᠂ ︽99 ᠨᠤᠮᠥᠷᠳᠣ ᠵᠠᠰᠠᠮᠠᠯ ᠵᠠᠮ ᠢ ᠰᠢᠪᠲᠤᠯᠵᠤ᠂ ᠠᠯᠤᠰ ᠬᠢᠵᠠᠭᠠᠷ ᠤᠨ ᠭᠤᠷᠣᠬᠠᠨ ᠪᠠᠯᠭᠠᠰᠤ ᠶᠢ ᠬᠠᠶᠢᠰᠤᠭᠠᠢ︾ ᠭᠤᠣᠯ ᠰᠡᠳᠦᠪᠲᠦ ᠰᠢᠷᠢᠰ ᠠᠵᠢᠯᠯᠠᠭ᠎ᠠ  ᠭᠤᠷᠤᠬᠠᠨ ᠪᠠᠯᠭᠠᠰᠤᠨ ᠤ ︽ᠣᠩᠭᠤᠨ︾ ᠮᠣᠷᠢᠨ ᠤᠷᠤᠯᠳᠤᠭᠠᠨ ᠤ ᠲᠠᠯᠠᠪᠠᠶ ᠳᠤ ᠡᠬᠢᠯᠡᠵᠦ᠂ 2025 ᠣᠨ ᠤ ᠪᠠᠷᠠᠭᠤᠨ ᠦᠵᠦᠮᠦᠴᠢᠨ ᠬᠤᠰᠢᠭᠤᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠭᠤᠷᠣᠬᠠᠨ ᠪᠠᠯᠭᠠᠰᠤᠨ ᠤ ᠥᠷᠲᠡᠭᠡ ᠤᠷᠤᠯᠳᠤᠭᠠᠨ ᠨᠢ ᠴᠦ ᠠᠮᠵᠢᠯᠲᠠ ᠲᠠᠢ ᠶᠠᠪᠤᠭᠳᠠᠯ᠎ᠠ᠃
        ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠤ ᠠᠬᠤᠢ ᠲᠠᠯᠠᠪᠠᠢ ᠳᠤ᠂ ᠮᠣᠩᠭᠤᠯ ᠮᠣᠷᠢᠨ ᠤ ᠰᠢᠨᠳᠠᠰᠤ ᠰᠢᠯᠭᠠᠭᠰᠠᠨ 30 ᠺᠢᠯᠣᠮᠧᠲᠷ ᠤᠨ ᠠᠯᠤᠰ ᠤᠨ ᠮᠣᠷᠢᠨ ᠤ ᠤᠷᠤᠯᠳᠤᠭᠠᠨ ᠪᠠ 15 ᠺᠢᠯᠣᠮᠧᠲᠷ ᠤᠨ ᠬᠦᠴᠦᠨ ᠵᠠᠯᠭᠠᠬᠤ ᠤᠷᠤᠯᠳᠤᠭᠠᠨ ᠶᠠᠪᠤᠭᠳᠠᠵᠤ᠂ ᠬᠥᠯᠦᠭ ᠤᠨ ᠬᠤᠷᠳᠤ ᠶᠢ ᠭᠠᠶᠢᠬᠠᠭᠤᠯᠤᠨ ᠦᠵᠡᠭᠴᠢᠳ ᠣᠯᠠᠨ ᠢᠶᠠᠨ ᠪᠠᠶᠠᠰᠬᠠᠵᠠᠢ᠃
        ᠲᠤᠰ ᠤᠳᠠᠭᠠᠨ ᠤ ᠤᠷᠤᠯᠳᠤᠭᠠᠨ ᠳᠤ ᠭᠤᠷᠣᠬᠠᠨ ᠪᠠᠯᠭᠠᠰᠤᠨ ᠤ 9 ᠭᠠᠴᠠᠭᠠᠨ ᠤ 38 ᠤᠶᠠᠭᠠᠴᠢᠳ ᠬᠦᠷᠦᠯᠴᠡᠨ ᠢᠷᠡᠵᠦ᠂ ᠬᠤᠷᠳᠤᠨ ᠭᠦᠯᠦᠭ ᠤᠨ ᠢᠶᠠᠨ ᠰᠢᠨᠳᠠᠰᠤ ᠶᠢ ᠰᠢᠯᠭᠠᠵᠤ᠂ ᠠᠯᠤᠰ ᠤᠨ ᠮᠣᠷᠢᠨ ᠤ ᠡᠮᠦᠨ᠎ᠡ ᠠᠷᠪᠠᠨ ᠮᠣᠷᠢ᠂ ᠬᠦᠴᠦᠨ ᠵᠠᠯᠭᠠᠬᠤ ᠤᠷᠤᠯᠳᠤᠭᠠᠨ ᠤ ᠡᠮᠦᠨ᠎ᠡ ᠶᠢᠰᠦᠨ ᠮᠣᠷᠢ ᠬᠤᠰᠢᠭᠤ ᠳᠡᠰ ᠤᠨ ᠬᠤᠯᠪᠣᠭᠠᠲᠤ ᠤᠷᠤᠯᠳᠤᠭᠠᠨ ᠳᠤ ᠣᠷᠤᠯᠴᠠᠬᠤ ᠡᠷᠬᠡ ᠶᠢ ᠤᠯᠪᠠ᠃     ᠲᠣᠰ ᠤᠳᠠᠭᠠᠨ ᠤ ᠮᠣᠩᠭᠤᠯ ᠮᠣᠷᠢᠨ ᠤ ᠬᠤᠯᠪᠣᠭᠠᠲᠤ ᠤᠷᠤᠯᠳᠤᠭᠠᠨ ᠢ ᠠᠮᠵᠢᠯᠲᠠ ᠲᠠᠢ ᠶᠠᠪᠤᠭᠳᠠᠭᠤᠯᠤᠭᠰᠠ  ᠨᠢ ᠤᠶᠠᠭᠠᠴᠢᠳ ᠢᠶᠠᠨ ᠵᠣᠷᠢᠭᠵᠢᠭᠤᠯᠵᠤ᠂ ᠮᠠᠯᠴᠢᠨ ᠲᠦᠮᠡᠨ ᠢᠶᠠᠨ ᠪᠠᠶᠠᠰᠬᠠᠭᠰᠠᠨ ᠢᠶᠠᠷ ᠪᠠᠷᠠᠬᠤ ᠦᠭᠡᠢ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠡᠢ᠃ ᠪᠠᠰᠠ 128 ᠪᠥᠬᠡ ᠶᠢᠨ ᠪᠠᠷᠢᠯᠳᠤᠭᠠᠨ᠂ ᠬᠦᠴᠦᠨ ᠵᠠᠯᠭᠠᠵᠤ ᠭᠦᠶᠦᠬᠦ ᠤᠷᠤᠯᠳᠤᠭᠠᠨ ᠪᠣᠯᠣᠨ ᠳᠡᠭᠡᠰᠦ ᠲᠠᠲᠠᠬᠤ ᠤᠷᠤᠯᠳᠤᠭᠠᠨ ᠢ ᠲᠤᠬᠢᠷᠠᠭᠤᠯᠵᠤ᠂ ᠮᠤᠷᠢᠨ ᠤᠷᠤᠯᠳᠤᠭᠠᠨ ᠳᠤ ᠬᠦᠭᠵᠢᠶᠡᠨ ᠨᠡᠮᠡᠷᠢᠯᠡᠬᠦ ᠶᠢᠨ ᠬᠠᠮᠲᠤ ᠮᠠᠯᠴᠢᠳ ᠤᠨ ᠪᠡᠶ᠎ᠡ ᠲᠠᠮᠢᠷ ᠤᠨ ᠬᠥᠳᠡᠯᠭᠡᠭᠡᠨ ᠳᠤ ᠢᠳᠡᠪᠬᠢᠯᠡᠨ ᠣᠷᠤᠯᠴᠠᠬᠤ ᠤᠷᠮ᠎ᠠ ᠶᠢ ᠨᠢ ᠰᠡᠷᠭᠦᠭᠡᠵᠦ᠂ ᠰᠢᠷᠢᠰ ᠠᠵᠢᠯᠯᠠᠭ᠎ᠠ ᠪᠠᠨ ᠤᠳᠬ᠎ᠠ ᠲᠡᠭᠦᠯᠳᠡᠷ ᠪᠣᠯᠭᠠᠭᠰᠠᠨ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号