ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠠᠷᠯᠢᠭ ᠲᠤ ᠭᠠᠷ ᠤᠨ ᠦᠰᠦᠭ ᠵᠢᠷᠤᠵᠤ ︽ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2025/6/9
  ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 5 ᠤ ᠴᠠᠭᠢᠯᠭᠠᠨ ᠮᠡᠳᠡᠭᠡ  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠦᠷᠦᠭᠦᠬᠡᠨ ᠵᠠᠷᠯᠢᠭ ᠲᠤ ᠭᠠᠷ ᠤᠨ ᠦᠰᠦᠭ ᠵᠢᠷᠤᠵᠤ ︽ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠨᠡᠶᠢᠲᠡᠯᠡᠪᠡ᠂ 2025 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃  ᠳᠦᠷᠢᠮ ᠳᠤ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠤᠳᠤᠷᠢᠳᠤᠨ ᠵᠢᠯᠤᠭᠤᠳᠬᠤ ᠪᠠᠶᠢᠭᠤᠯᠤᠮᠵᠢ ᠪᠣᠯᠣᠨ ᠪᠠᠲᠤᠯᠠᠭ᠎ᠠ ᠶᠢᠨ ᠵᠠᠭᠪᠤᠷ ᠲᠤ ᠵᠣᠬᠢᠴᠠᠵᠤ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ ᠪᠣᠯᠣᠨ ᠠᠵᠢᠯ ᠤᠨ ᠳᠦᠷᠢᠮ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠬᠤᠯᠠ ᠦᠨᠳᠦᠰᠦᠯᠡᠯ ᠪᠣᠯᠣᠨ᠎ᠠ᠃  ᠳᠦᠷᠢᠮ ᠨᠢ ᠨᠡᠶᠢᠳᠡ 11 ᠪᠦᠯᠦᠭ 63 ᠵᠦᠢᠯ ᠲᠠᠢ᠂ ᠴᠡᠷᠢᠭ ᠤᠨ ᠶᠠᠪᠤᠳᠠᠯ ᠤᠨ ᠬᠤᠷᠢᠶ᠎ᠠ ᠶᠡᠷᠦᠩᠬᠡᠢ ᠳᠤᠨᠢ ᠬᠠᠮᠢᠶᠠᠷᠬᠤ᠂ ᠪᠠᠶᠢᠯᠳᠤᠭᠠᠨ ᠤ ᠲᠣᠭᠤᠷᠢᠭ ᠠᠴᠠ ᠪᠠᠶᠢᠯᠳᠤᠭᠠᠨ ᠬᠢᠬᠦ ᠶᠢ ᠭᠤᠣᠯᠯᠠᠨ ᠬᠠᠷᠢᠭᠤᠴᠠᠬᠤ᠂ ᠴᠡᠷᠢᠭ ᠤᠨ ᠲᠦᠷᠦᠯ ᠠᠴᠠ ᠴᠡᠷᠢᠭ ᠤᠨ ᠪᠠᠶᠢᠭᠤᠯᠤᠯᠲᠠ ᠶᠢ ᠭᠤᠣᠯᠯᠠᠨ ᠬᠠᠷᠢᠭᠤᠴᠠᠬᠤ ᠶᠡᠷᠦᠩᠬᠡᠢ ᠵᠠᠷᠴᠢᠮ ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠬᠡᠯᠬᠢᠶ᠎ᠡ᠂ ᠬᠠᠮᠢᠶᠠᠷᠤᠯᠲᠠ ᠶᠢᠨ ᠬᠡᠯᠬᠢᠶ᠎ᠡ᠂ ᠬᠢᠨᠠᠯᠲᠠ ᠲᠠᠯᠪᠢᠬᠤ ᠬᠡᠯᠬᠢᠶ᠎ᠡ ᠶᠢ ᠰᠢᠯᠤᠭᠤᠳᠬᠠᠬᠤ ᠶᠢᠨ ᠲᠣᠭᠤᠷᠢᠨ ᠳᠤ᠂ ᠭᠤᠣᠯᠳᠠᠭᠤ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ᠂ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠠᠷᠢᠯᠭ᠎ᠠ ᠶᠢ ᠳᠠᠭᠠᠭᠠᠴᠢᠯᠠᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠠᠯ᠎ᠠ ᠪᠠᠷ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠲᠣᠳᠣᠷᠬᠠᠶᠢᠯᠠᠵᠤ᠂ ᠶᠠᠪᠤᠴᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠦᠢᠯᠡᠳᠦᠯᠭᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠪᠣᠯᠣᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃
 
ᠢᠷᠡᠯᠲᠡ᠄ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号