6 ᠰᠠᠷ᠎ᠠ ᠶᠢᠨ 28 ᠤ ᠡᠳᠦᠷ᠂ ᠰᠢᠯᠢ ᠶᠢᠨ ᠭᠤᠣᠯ ᠠᠶᠢᠮᠠᠭ ᠤᠨ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠶᠢ | ᠠᠬᠢᠭᠤᠯᠬᠤ ᠲᠥᠪ ᠠᠴᠠ ᠭᠤᠣᠯᠯᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠤᠨ ᠨᠠᠰᠤᠲᠠᠶᠢᠴᠤᠳ ᠤᠨ ᠪᠡᠶ᠎ᠡ ᠲᠠᠮᠢᠷ ᠤᠨ | ᠨᠡᠶᠢᠭᠡᠮᠯᠢᠭ᠂ ᠪᠠᠷᠠᠭᠤᠨ ᠦᠵᠦᠮᠦᠴᠢᠨ ᠬᠤᠰᠢᠭᠤᠨ ᠤ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠥᠪ ᠵᠡᠷᠭᠡ ᠨᠢᠭᠡᠴᠡ | ᠠᠴᠠ ᠬᠠᠮᠳᠣᠷᠠᠨ ᠡᠷᠭᠢᠯᠡᠭᠰᠡᠨ ᠰᠢᠯᠢ ᠶᠢᠨ ᠭᠤᠣᠯ ᠠᠶᠢᠮᠠᠭ ᠤᠨ ᠳᠥᠷᠪᠡᠳᠦᠭᠡᠷ ᠬᠤᠭᠤᠴᠠᠭᠠᠨ ᠤ ᠨᠠᠰᠤᠲᠠᠶᠢᠴᠤᠳ ᠤᠨ | ᠪᠡᠶ᠎ᠡ ᠲᠠᠮᠢᠷ ᠤᠨ ᠰᠣᠯᠢᠯᠴᠠᠭᠠᠨ ᠤ ᠶᠡᠭᠡ ᠬᠤᠷᠠᠯ ᠵᠢᠴᠢ ᠵᠢᠷᠭᠤᠳᠤᠭᠠᠷ ᠬᠤᠭᠤᠴᠠᠭᠠᠨ ᠤ ᠵᠦᠯᠭᠡᠨ ᠳᠡᠭᠡᠷᠡᠬᠢ ᠭᠤᠯᠹ | ᠪᠥᠮᠪᠦᠭᠡ ᠶᠢᠨ ᠤᠷᠤᠯᠳᠣᠭᠠᠨ ᠪᠠᠷᠠᠭᠤᠨ ᠦᠵᠦᠮᠦᠴᠢᠨ ᠬᠤᠰᠢᠭᠤᠨ ᠤ ᠪᠡᠶ᠎ᠡ ᠲᠠᠮᠢᠷ ᠤᠨ ᠲᠠᠯᠠᠪᠤᠷ ᠲᠤ ᠶᠠᠪᠤᠭᠲᠠᠵᠣ | ᠦᠩᠬᠡᠷᠡᠪᠡ᠃ | | | | | ᠲᠣᠰ ᠤᠳᠠᠭᠠᠨ ᠤ ᠠᠵᠢᠯᠯᠠᠭ᠎ᠠ ᠳᠤ ᠰᠢᠯᠢᠩᠬᠤᠲᠠ᠂ ᠤᠯᠠᠭᠠᠢ ᠬᠠᠮᠢᠶᠠᠷᠤᠯᠲᠠ ᠶᠢᠨ ᠣᠷᠣᠨ ᠵᠡᠷᠭᠡ ᠭᠠᠵᠠᠷ ᠣᠷᠣᠨ ᠤ | 11 ᠲᠦᠯᠤᠬᠡᠯᠡᠭᠴᠢ ᠶᠢᠨ ᠠᠩᠭᠢ ᠶᠢᠨ 100 ᠭᠠᠷᠤᠢ ᠬᠦᠮᠦᠨ ᠤᠷᠤᠯᠴᠠᠨ᠂ ᠭᠤᠯᠹ ᠪᠥᠮᠪᠦᠭᠡ ᠳᠤ ᠪᠠᠭ᠋ᠠᠲᠠᠢ | ᠨᠠᠰᠤᠲᠠᠶᠢᠴᠤᠳ ᠲᠤ ᠤᠷ᠎ᠠ ᠮᠡᠷᠭᠡᠵᠢᠯ ᠢᠶᠠᠨ ᠰᠣᠯᠢᠯᠴᠠᠬᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠬᠤ ᠲᠠᠪᠴᠠᠩ | ᠬᠠᠩᠭᠠᠭᠰᠠᠨ ᠪᠠᠶᠢᠨ᠎ᠠ᠃ | ᠨᠢᠭᠡ ᠡᠳᠦᠷ ᠤᠨ ᠥᠷᠢᠰᠦᠯᠳᠦᠭᠡᠨ ᠢᠶᠠᠷ ᠲᠠᠮᠵᠢᠨ ᠬᠠᠮᠲᠤ ᠨᠢᠬᠡᠴᠠ ᠶᠢᠨ ᠤᠷᠤᠯᠳᠤᠭᠠᠨ ᠳᠤ ᠪᠠᠷᠠᠭᠤᠨ ᠦᠵᠦᠮᠦᠴᠢᠨ | ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠦᠯᠤᠬᠡᠯᠡᠭᠴᠢ ᠶᠢᠨ ᠠᠩᠭᠢ ᠲᠠᠷᠢᠬᠦᠯᠠᠨ᠂ | ᠰᠥᠨᠢᠳ ᠵᠡᠭᠦᠨ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠦᠯᠤᠬᠡᠯᠡᠭᠴᠢ ᠶᠢᠨ ᠠᠩᠭᠢ᠂ | ᠬᠥᠪᠡᠭᠡᠲᠦ ᠰᠢᠷ᠎ᠠ ᠬᠤᠰᠢᠭᠤᠨ ᠤ ᠨᠠᠰᠤᠲᠠᠶᠢᠴᠤᠳ ᠤᠨ ᠪᠡᠶ᠎ᠡ ᠲᠠᠮᠢᠷ ᠤᠨ ᠨᠡᠶᠢᠭᠡᠮᠯᠢᠭ ᠤᠨ ᠲᠦᠯᠤᠬᠡᠯᠡᠭᠴᠢ ᠶᠢᠨ ᠠᠩᠭᠢ | ᠲᠣᠰ ᠲᠣᠰ ᠬᠤᠶᠠᠷ ᠭᠤᠷᠪᠠᠳᠤᠭᠠᠷ ᠲᠤ ᠣᠷᠣᠵᠠᠢ᠃ | ᠬᠤᠪᠢ ᠬᠥᠮᠥᠨ ᠤ ᠤᠷᠤᠯᠳᠤᠭᠠᠨ ᠳᠤ ᠪᠠᠷᠠᠭᠤᠨ ᠦᠵᠦᠮᠦᠴᠢᠨ ᠬᠤᠰᠢᠭᠤᠨ ᠤ ᠣᠶᠤᠨᠴᠡᠴᠡᠭ ᠲᠠᠷᠢᠬᠦᠯᠠᠨ᠂ ᠵᠡᠭᠦᠨ | ᠦᠵᠦᠮᠦᠴᠢᠨ ᠬᠤᠰᠢᠭᠤᠨ ᠤ ᠪᠤᠯᠠᠭ ᠲᠠᠳ᠋ᠯᠠᠵᠦ᠂ ᠪᠠᠷᠠᠭᠤᠨ ᠦᠵᠦᠮᠦᠴᠢᠨ ᠬᠤᠰᠢᠭᠤᠨ ᠤ ᠪᠠᠭᠠᠳᠣᠷ ᠭᠤᠷᠪᠠᠳᠤᠭᠠᠷ ᠲᠤ | ᠣᠷᠣᠵᠠᠢ᠃ | | |