ᠪᠠᠷᠠᠭᠤᠨ ᠦᠵᠦᠮᠦᠴᠢᠨ ᠬᠤᠰᠢᠭᠤ ᠡᠯ᠎ᠠ ᠬᠦᠢᠳᠠᠨ ᠬᠦᠮᠦᠷᠬᠡ ᠶᠢᠨ ᠵᠢᠩᠯᠠᠬᠦᠷ ᠢ  ᠴᠢᠩᠭ᠎ᠠ ᠪᠠᠶᠢᠴᠠᠭᠠᠨ ᠮᠠᠯᠴᠢᠨ ᠲᠦᠮᠠᠨ ᠤ ᠬᠠᠤᠯᠢ ᠶᠤᠰᠣᠨ ᠤ ᠡᠷᠬᠡ ᠠᠰᠢᠭ ᠢᠬᠠᠮᠠᠭᠠᠯᠠ᠊
ᠨᠡᠶᠢᠲᠡᠯᠡᠭᠰᠡᠨ ᠴᠠᠭ᠄
2025/7/1
    ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠪᠦᠳᠦᠬᠡᠭᠳᠠᠬᠦᠨ ᠤ ᠬᠡᠮᠵᠢᠬᠦᠷ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠰᠠᠯᠪᠤᠷᠢ ᠠᠴᠠ ᠪᠥᠬᠦ ᠬᠤᠰᠢᠭᠤᠨ ᠤ ᠡᠯ᠎ᠠ ᠬᠦᠢᠳᠠᠨ ᠬᠦᠮᠦᠷᠬᠡ ᠶᠢᠨ ᠵᠢᠩᠯᠠᠬᠦᠷ ᠢ ᠬᠢᠨᠠᠨ ᠪᠠᠶᠢᠴᠠᠭᠠᠵᠦ᠂ ᠲᠤᠰᠬᠠᠢ ᠮᠡᠷᠭᠡᠵᠢᠯ ᠤᠨ ᠪᠠᠶᠢᠴᠠᠭᠠᠨ ᠬᠡᠮᠵᠢᠯᠲᠡ ᠬᠢᠵᠦ᠂ ᠵᠢᠩᠯᠠᠬᠦᠷ ᠤᠨ ᠵᠦᠪ ᠤᠨᠤᠪᠴᠢᠳᠠᠢ ᠪᠠᠶᠢᠬᠤ ᠶᠢ ᠪᠠᠳᠣᠯᠠᠵᠦ ᠪᠠᠶᠢᠨ᠎ᠠ᠃     ᠬᠢᠨᠠᠨ ᠪᠠᠶᠢᠴᠠᠭᠠᠯᠳᠠ ᠳᠤ᠂ ᠲᠤᠰᠬᠠᠢ ᠠᠵᠢᠯᠳᠠᠳ ᠠᠴᠠ ᠤᠯᠤᠰ ᠤᠨ ᠬᠡᠮᠵᠢᠬᠦᠷ ᠤᠨ  ᠬᠠᠮᠢᠶ᠎ᠠ ᠪᠦᠬᠦᠢ ᠳᠦᠷᠢᠮ ᠶᠤᠰᠣᠭᠠᠷ᠂ ᠡᠯ᠎ᠡ ᠬᠦᠢᠳᠠᠨ ᠬᠦᠮᠦᠷᠬᠡ ᠶᠢᠨ ᠡᠯᠧᠺᠲᠷᠣᠨ ᠵᠢᠩᠯᠡᠭᠦᠷ᠂ ᠰᠢᠷᠡᠭᠡᠨ ᠵᠢᠩᠯᠡᠭᠦᠷ᠂ ᠭᠤᠯᠭᠤᠭᠤᠷ ᠵᠢᠩᠯᠡᠭᠦᠷ ᠵᠡᠷᠭᠡ 107 ᠰᠠᠭᠤᠷᠢ ᠬᠦᠨᠳᠣ ᠶᠢᠨ ᠬᠡᠮᠵᠢᠬᠦᠷ ᠢ ᠪᠦᠬᠦ ᠲᠠᠯ᠎ᠠ ᠪᠠᠷ ᠪᠠᠶᠢᠴᠠᠭᠠᠨ᠂ ᠤᠨᠤᠪᠴᠢ ᠶᠢᠨ ᠬᠡᠮᠵᠢᠶᠠᠨ ᠳᠤ ᠨᠠᠷᠢᠯᠢᠭ ᠬᠢᠨᠠᠨ ᠪᠠᠶᠢᠴᠠᠭᠠᠯᠲᠠ ᠬᠢᠵᠡᠢ᠃
         ᠬᠢᠨᠠᠨ ᠪᠠᠶᠢᠴᠠᠭᠠᠯᠳᠠ ᠥᠷᠨᠢᠭᠦᠯᠬᠦ ᠶᠢᠨ ᠲᠠᠭᠠᠤ᠂ ᠪᠠᠷᠠᠭᠤᠨ ᠦᠵᠦᠮᠦᠴᠢᠨ ᠬᠤᠰᠢᠭᠤᠨ ᠤ ᠪᠦᠳᠦᠬᠡᠭᠳᠠᠬᠦᠨ ᠤ ᠬᠡᠮᠵᠢᠬᠦᠷ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠰᠠᠯᠪᠤᠷᠢ ᠶᠢᠨ ᠠᠵᠢᠯᠲᠠᠳ ᠨᠢ ᠠᠵᠤ ᠠᠬᠤᠶᠢᠯᠠᠯ ᠳᠤ ᠬᠡᠮᠵᠢᠬᠦᠷ ᠤᠨ ᠪᠠᠭᠠᠵᠢ ᠬᠡᠷᠡᠭᠰᠡᠯ ᠤᠨ ᠬᠠᠮᠢᠶᠠᠳᠠᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠢ ᠪᠠᠷ ᠤᠬᠠᠭᠤᠯᠤᠨ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠲᠠᠮᠵᠢᠨ᠂ ᠠᠷᠡᠯᠵᠢᠶ᠎ᠠ ᠮᠠᠶᠢᠮᠠᠢ ᠶᠢᠨ ᠲᠤᠮᠳᠠᠬᠢ ᠬᠡᠮᠵᠢᠯᠳᠠ ᠶᠢᠨ ᠡᠷᠬᠡ ᠲᠡᠭᠰᠢ ᠶᠢ ᠪᠠᠳᠣᠯᠠᠬᠤ ᠴᠢᠬᠤᠯᠠ ᠴᠢᠨᠠᠷ᠂ ᠬᠠᠤᠯᠢ ᠶᠤᠰᠣᠨ ᠤ ᠬᠠᠷᠢᠭᠤᠴᠠᠯᠭ᠎ᠠ ᠳᠤ ᠨᠠᠷᠢᠨ ᠲᠠᠶᠢᠯᠪᠤᠷᠢᠯᠠᠯᠳᠠ ᠭᠢᠵᠡᠢ
          ᠪᠠᠷᠠᠭᠤᠨ ᠦᠵᠦᠮᠦᠴᠢᠨ ᠬᠤᠰᠢᠭᠤᠨ ᠤ ᠪᠦᠳᠦᠬᠡᠭᠳᠠᠬᠦᠨ ᠤ ᠬᠡᠮᠵᠢᠬᠦᠷ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠰᠠᠯᠪᠤᠷᠢ ᠨᠢ ᠠᠷᠠᠳ ᠤᠨ ᠬᠡᠷᠡᠭᠯᠡᠭᠡᠨ ᠤ ᠬᠡᠮᠵᠢᠭᠦᠷ ᠤᠨ ᠪᠠᠭᠠᠵᠢ ᠬᠡᠷᠡᠭᠰᠡᠯ ᠳᠤ ᠬᠠᠨᠳᠤᠭᠤᠯᠤᠨ ᠦᠨ᠎ᠡ ᠲᠥᠯᠥᠪᠦᠷᠢ ᠦᠭᠡᠢ ᠪᠠᠷ ᠬᠢᠨᠠᠨ ᠰᠢᠯᠭᠠᠬᠤ ᠦᠢᠯᠡᠴᠢᠯᠡᠭᠡ ᠬᠠᠩᠭᠠᠵᠤ᠂ ᠤᠯᠠᠨ ᠲᠦᠮᠠᠨ ᠤ ᠡᠷᠬᠡ ᠠᠰᠢᠭ ᠢ ᠬᠠᠮᠠᠭᠠᠯᠠᠵᠦ ᠪᠠᠶᠢᠨ᠎ᠠ᠃     ᠡᠬᠦᠨ ᠤ ᠬᠠᠮᠳᠣ᠂ ᠲᠤᠰ ᠰᠠᠯᠪᠤᠷᠢ ᠨᠢ ᠥᠷᠭᠡᠨ ᠤᠯᠠᠨ ᠬᠡᠷᠡᠭᠯᠡᠭᠴᠢᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠢᠨᠠᠯᠲᠠ ᠲᠠᠯᠪᠢᠬᠤ ᠳᠤ ᠢᠳᠡᠪᠬᠢᠲᠡᠢ ᠤᠷᠤᠯᠴᠠᠨ᠂ ᠠᠷᠠᠳ ᠤᠨ ᠬᠡᠷᠡᠭᠯᠡᠭᠡᠨ ᠤ ᠬᠡᠮᠵᠢᠭᠦᠷ ᠲᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤᠨᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠤᠲᠠᠰᠤ ᠪᠤᠶᠤ 12315 ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠯᠡᠴᠢᠯᠡᠨ ᠮᠡᠳᠡᠭᠦᠯᠬᠦ ᠤᠲᠠᠰᠤ  ᠪᠠᠷ ᠢᠯᠠᠴᠢᠯᠠᠨ ᠮᠠᠳᠠᠬᠦᠯᠵᠦ᠂ ᠬᠠᠤᠯᠢ ᠶᠤᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠤᠷᠠᠶᠢᠯᠠᠵᠦ ᠪᠠᠶᠢᠨ᠎ᠠ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号