ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ | ᠬᠢᠲᠠᠳ ᠡᠮ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠪᠴᠢᠶ᠎ᠠ | ︽2025 ᠣᠨ ᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠰᠠᠶᠢᠲᠤᠷ | ᠬᠢᠬᠦ ᠲᠤᠬᠠᠢ ᠮᠡᠳᠡᠭᠳᠡᠯ︾ ᠢ ᠨᠡᠶᠢᠲᠡᠯᠡᠵᠦ᠂ 2025 ᠣᠨ ᠳᠤ᠂ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠳᠤ | ᠳᠠᠬᠢᠭᠠᠳ 5 ᠲᠥᠭᠦᠷᠢᠭ ᠨᠡᠮᠡᠵᠦ᠂ 99 ᠲᠥᠭᠦᠷᠢᠭ ᠪᠣᠯᠭᠠᠪᠠ᠃ | ᠰᠢᠨ᠎ᠡ ᠪᠠᠷ ᠨᠡᠮᠡᠭᠳᠡᠭᠦᠯᠦᠭᠰᠡᠨ ᠵᠠᠷᠤᠳᠠᠯ ᠢ ᠦᠢᠯᠡᠴᠢᠯᠡᠭᠡᠨ ᠤ ᠠᠭᠤᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠬᠦ᠂ ᠦᠢᠯᠡᠴᠢᠯᠡᠭᠡᠨ ᠤ ᠤᠳᠠᠭ᠎ᠠ ᠲᠤᠭ᠎ᠠ ᠬᠢᠭᠡᠳ ᠳᠡᠰ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠪᠠᠲᠤᠯᠠᠬᠤ᠂ ᠤᠯᠠᠨ ᠲᠦᠮᠡᠨ ᠤ ᠲᠥᠷᠥᠭᠳᠡᠯ ᠢ ᠨᠡᠮᠡᠭᠳᠡᠭᠦᠯᠬᠦ ᠳᠤ ᠬᠡᠷᠡᠭᠯᠡᠨ᠎ᠡ᠃ ︽ᠨᠠᠰᠤᠲᠠᠨ ᠪᠠ ᠨᠢᠯᠬ᠎ᠠ︾ | ᠂ ᠴᠢᠰᠤᠨ ᠳᠠᠷᠤᠯᠲᠠ ᠥᠨᠳᠥᠷ ᠡᠪᠡᠳᠴᠢᠨ᠂ 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ | ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠡᠦᠬᠡᠳ ᠤᠨ ᠰᠠᠯᠠᠭ᠎ᠠ ᠪᠠ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠣᠨ︾ | ᠂ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠵᠡᠷᠭᠡ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠤᠨ᠂ | ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠭᠤᠣᠯᠳᠠᠯᠭ᠎ᠠ ᠪᠣᠯᠬᠤ | ᠬᠥᠮᠥᠰ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠨ᠎ᠡ᠃ | ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠳᠤᠮᠳᠠ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠠᠭᠤᠯᠭ᠎ᠠ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠳᠦᠢ ᠲᠡᠳᠦᠢ ᠰᠢᠯᠢᠳᠡᠭᠵᠢᠪᠡ᠃ | ᠨᠢᠭᠡ ᠳᠤ᠂ ᠪᠡᠶ᠎ᠡ ᠶᠢᠨ ᠪᠠᠶᠢᠴᠠᠭᠠᠯᠲᠠ ᠶᠢᠨ ᠲᠦᠷᠦᠯ ᠵᠦᠢᠯ ᠢ ᠪᠠᠶᠠᠯᠢᠭᠵᠢᠭᠤᠯᠪᠠ᠃ 2025 ᠣᠨ ᠠᠴᠠ | ᠡᠬᠢᠯᠡᠨ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠦᠢᠳᠬᠡᠯ ᠦᠯᠦ | ᠬᠤᠷᠢᠶᠠᠬᠤ ᠪᠠᠶᠢᠴᠠᠭᠠᠯᠲᠠ ᠬᠢᠬᠦ ᠳᠤ ᠴᠡᠭᠡᠵᠢᠨ ᠬᠡᠰᠡᠭ ᠤᠨ ᠳ᠋ᠢᠭᠢᠲᠴᠢᠯᠡᠭᠰᠡᠨ X ᠰᠠᠴᠤᠷᠠᠭ ᠤᠨ ᠬᠡᠷᠡᠯ ᠵᠢᠷᠤᠭ | ︵DR︶ ᠤᠨ ᠲᠥᠪ ᠬᠡᠰᠡᠭ ᠤᠨ ᠪᠠᠶᠢᠴᠠᠭᠠᠯᠲᠠ ᠪᠠ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠤᠨ | ᠪᠠᠶᠢᠴᠠᠭᠠᠯᠲᠠ ᠶᠢᠨ ᠠᠭᠤᠯᠭ᠎ᠠ ᠶᠢ ᠨᠡᠮᠡᠪᠡ᠃ | ᠬᠤᠶᠠᠷ ᠲᠤ᠂ ᠮᠡᠳᠡᠭᠡ ᠵᠠᠩᠭᠢ ᠶᠢ ᠬᠠᠷᠢᠭᠤ ᠲᠤᠰᠬᠠᠬᠤ ᠶᠢ ᠴᠢᠩᠭᠠᠳᠬᠠᠪᠠ᠃ ᠪᠡᠶ᠎ᠡ ᠶᠢᠨ ᠪᠠᠶᠢᠴᠠᠭᠠᠯᠲᠠ ᠶᠢᠨ | ᠡᠭᠦᠷᠭᠡ ᠶᠢ ᠡᠭᠦᠷᠭᠡᠯᠡᠵᠦ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠢ ᠡᠷᠡᠭᠦᠯ | ᠮᠡᠨᠳᠦ ᠶᠢᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠲᠣᠰ ᠬᠥᠮᠥᠨ ᠳᠤ ᠨᠢ ᠬᠠᠷᠢᠭᠤ | ᠲᠤᠰᠬᠠᠬᠤ ᠶᠢᠨ ᠬᠠᠮᠲᠤ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ ᠳᠤ ᠣᠷᠣᠭᠤᠯᠵᠤ᠂ ᠬᠡᠪ ᠤᠨ ᠪᠤᠰᠤ | ᠪᠠᠶᠢᠳᠠᠯ ᠢᠯᠡᠷᠡᠭᠰᠡᠳ ᠤᠨ ᠮᠡᠳᠡᠭᠡ ᠵᠠᠩᠭᠢ ᠶᠢ ᠬᠤᠯᠪᠣᠭᠳᠠᠯ ᠪᠦᠬᠦᠢ ᠲᠤᠰᠬᠠᠢ ᠡᠪᠡᠳᠴᠢᠨ ᠤ ᠬᠠᠮᠢᠶᠠᠷᠤᠯᠲᠠ ᠶᠢᠨ | ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤ ᠨᠢ ᠬᠦᠷᠭᠡᠨ᠎ᠡ᠃ | ᠭᠤᠷᠪᠠ ᠳᠤ᠂ ᠲᠥᠷᠥᠯ ᠪᠠ ᠲᠠᠰ ᠬᠤᠪᠢᠶᠠᠭᠰᠠᠨ ᠦᠢᠯᠡᠴᠢᠯᠡᠭᠡ ᠥᠷᠨᠢᠭᠦᠯᠦᠨ᠎ᠡ᠃ ᠨᠠᠰᠤᠲᠠᠶᠢᠴᠤᠳ ᠤᠨ ᠨᠠᠰᠤ | ᠵᠢᠯ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠦᠨᠳᠦᠰᠦᠯᠡᠨ ᠨᠠᠷᠢᠯᠢᠭᠵᠢᠭᠤᠯᠤᠨ ᠠᠩᠭᠢᠯᠠᠵᠤ᠂ ᠡᠷᠡᠭᠦᠯ ᠮᠡᠨᠳᠦ ᠶᠢᠨ | ᠳᠡᠰ ᠬᠤᠪᠢᠶᠠᠭᠰᠠᠨ ᠦᠢᠯᠡᠴᠢᠯᠡᠭᠡ ᠬᠠᠩᠭᠠᠵᠤ᠂ ᠡᠷᠡᠭᠦᠯ ᠮᠡᠨᠳᠦ ᠶᠢᠨ ᠲᠦᠭᠰᠢᠭᠦᠷᠢ ᠪᠠᠷ ᠨᠡᠯᠢᠶᠡᠳ ᠥᠨᠳᠥᠷ | ᠨᠠᠰᠤᠲᠠᠶᠢᠴᠤᠳ ᠲᠤ ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠵᠣᠬᠢᠴᠠᠩᠭᠤᠢ ᠪᠠᠷ | ᠨᠡᠮᠡᠭᠳᠡᠭᠦᠯᠦᠨ᠎ᠡ᠃ | ᠤᠳᠠᠭᠠᠨ ᠴᠢᠨᠠᠷᠲᠠᠢ ᠡᠪᠡᠳᠴᠢᠲᠡᠨ ᠳᠤ ᠦᠨᠳᠦᠰᠦᠨ ᠱᠠᠲᠤᠨ ᠤ ᠦᠷᠭᠦᠯᠵᠢᠯᠡᠭᠰᠡᠨ ᠦᠢᠯᠡᠴᠢᠯᠡᠭᠡ ᠶᠢ | ᠴᠢᠩᠭᠠᠳᠬᠠᠬᠤ ᠲᠠᠯ᠎ᠠ ᠪᠠᠷ᠄ | ᠨᠢᠭᠡ᠂ ᠳᠡᠰ ᠬᠤᠪᠢᠶᠠᠭᠰᠠᠨ ᠦᠷᠭᠦᠯᠵᠢᠯᠡᠭᠰᠡᠨ ᠦᠢᠯᠡᠴᠢᠯᠡᠭᠡ᠃ ᠤᠳᠠᠭᠠᠨ ᠴᠢᠨᠠᠷᠲᠠᠢ ᠡᠪᠡᠳᠴᠢᠨ ᠤ ᠪᠠᠶᠢᠳᠠᠯ ᠢ | ᠡᠵᠡᠮᠳᠡᠭᠰᠡᠨ ᠲᠠᠯ᠎ᠠ ᠪᠠᠷ ᠨᠠᠮᠵᠢᠭᠤᠨ ᠪᠠᠶᠢᠳᠠᠯ ᠲᠠᠢ ᠪᠠᠶᠢᠭ᠎ᠠ ᠳᠤ ᠨᠢ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠦᠢᠯᠡᠴᠢᠯᠡᠭᠡᠨ ᠤ ᠵᠢᠷᠤᠮᠵᠢᠯ ᠢ ᠦᠨᠳᠦᠰᠦᠯᠡᠨ ᠡᠷᠡᠭᠦᠯ ᠮᠡᠨᠳᠦ ᠶᠢᠨ ᠦᠢᠯᠡᠴᠢᠯᠡᠭᠡ | ᠪᠠ ᠳᠠᠭᠠᠵᠤ ᠰᠤᠷᠪᠤᠯᠵᠢᠯᠠᠬᠤ ᠶᠢ ᠥᠷᠨᠢᠭᠦᠯᠦᠨ᠎ᠡ︔ ᠡᠵᠡᠮᠳᠡᠭᠰᠡᠨ ᠲᠠᠯ᠎ᠠ ᠪᠠᠷ ᠨᠠᠮᠵᠢᠭᠤᠨ ᠪᠤᠰᠤ ᠪᠠᠶᠢᠳᠠᠯ ᠲᠠᠢ | ᠪᠠᠶᠢᠭ᠎ᠠ ᠳᠤ ᠨᠢ᠂ ᠳᠠᠭᠠᠵᠤ ᠰᠤᠷᠪᠤᠯᠵᠢᠯᠠᠬᠤ ᠤᠳᠠᠭ᠎ᠠ ᠲᠤᠭ᠎ᠠ ᠬᠢᠭᠡᠳ ᠳᠡᠰ ᠢ ᠨᠢ ᠨᠡᠮᠡᠭᠳᠡᠭᠦᠯᠵᠦ᠂ ᠡᠪᠡᠳᠴᠢᠨ ᠤ | ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠴᠠᠭ ᠲᠤᠬᠠᠢ ᠳᠤ ᠨᠢ ᠳᠡᠭᠡᠳᠦ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠳᠤ ᠰᠢᠯᠵᠢᠭᠦᠯᠦᠨ ᠡᠮᠨᠡᠭᠦᠯᠬᠦ ᠶᠢᠨ ᠬᠠᠮᠲᠤ ᠮᠥᠷᠳᠡᠬᠦ ᠪᠤᠶᠤ ᠳᠠᠭᠠᠵᠤ ᠰᠤᠷᠪᠤᠯᠵᠢᠯᠠᠨ᠎ᠠ᠃ | ᠬᠤᠶᠠᠷ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠮᠵᠢᠯᠴᠠᠭᠰᠠᠨ ᠦᠢᠯᠡᠴᠢᠯᠡᠭᠡ᠃ ᠣᠯᠠᠨ ᠵᠦᠢᠯ ᠤᠨ | ᠡᠪᠡᠳᠴᠢᠨ ᠢ ᠬᠠᠮᠲᠤ ᠪᠠᠷ ᠰᠡᠷᠭᠡᠶᠢᠯᠡᠵᠦ ᠬᠠᠮᠲᠤ ᠪᠠᠷ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠮᠡᠳᠡᠭᠡ | ᠵᠠᠩᠭᠢᠴᠢᠯᠠᠯᠲᠠ ᠶᠢᠨ ᠠᠷᠭ᠎ᠠ ᠪᠠᠷᠢᠯ ᠢ ᠦᠨᠳᠦᠰᠦᠯᠡᠨ ᠤᠳᠠᠭᠠᠨ ᠴᠢᠨᠠᠷᠲᠠᠢ ᠡᠪᠡᠳᠴᠢᠲᠡᠨ ᠤ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠬᠦᠰᠦᠨᠦᠭᠲᠦ ᠶᠢ ᠨᠡᠶᠢᠳᠬᠡᠨᠡ᠃ | ᠭᠤᠷᠪᠠ᠂ ᠡᠮᠲᠦ ᠪᠤᠰᠤ ᠨᠥᠯᠥᠭᠡᠯᠡᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠴᠢᠰᠤᠨ ᠳᠠᠷᠤᠯᠲᠠ ᠥᠨᠳᠥᠷ᠂ | 2 ᠬᠡᠯᠪᠡᠷᠢᠲᠦ ᠰᠢᠬᠢᠷ ᠰᠢᠵᠢᠩ ᠡᠪᠡᠳᠴᠢᠨ᠂ ᠴᠢᠰᠤᠨ ᠤ ᠥᠭᠡᠬᠦ ᠥᠨᠳᠥᠷᠵᠢᠭᠰᠡᠨ ᠬᠡᠮ᠂ ᠮᠠᠷᠢᠶᠠᠯᠠᠬᠤ ᠬᠡᠮ ᠢ | ᠢᠳᠡᠭᠡᠨ ᠤᠮᠳᠠᠭᠠᠨ ᠢᠶᠠᠷ ᠰᠠᠶᠢᠵᠢᠷᠠᠭᠤᠯᠬᠤ ᠪᠠ ᠬᠥᠳᠡᠯᠭᠡᠭᠡᠨ ᠤ ᠦᠨᠳᠦᠰᠦᠨ ᠱᠠᠲᠤᠨ ᠳᠠᠬᠢ ᠵᠢᠯᠤᠭᠤᠳᠬᠤ | ᠭᠤᠣᠯᠳᠠᠯᠭ᠎ᠠ ᠶᠢᠨ ᠬᠡᠷᠡᠭᠯᠡᠯᠲᠡ ᠶᠢ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠲᠤ ᠤᠳᠠᠭᠠᠨ | ᠴᠢᠨᠠᠷᠲᠠᠢ ᠡᠪᠡᠳᠴᠢᠲᠡᠨ ᠳᠤ ᠥᠪᠡᠷᠮᠢᠴᠡ ᠢᠳᠡᠭᠡᠨ ᠤᠮᠳᠠᠭᠠᠨ ᠪᠠ ᠬᠥᠳᠡᠯᠭᠡᠭᠡᠨ ᠤ ᠵᠢᠯᠤᠭᠤᠳᠬᠤ ᠰᠠᠨᠠᠭᠤᠯᠭ᠎ᠠ | ᠬᠠᠩᠭᠠᠨ᠎ᠠ᠃ | | |