6 ᠰᠠᠷ᠎ᠠ ᠶᠢᠨ 29 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ1050MW/4200MWh | ᠠᠭᠠᠷ ᠤᠨ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠠᠵᠢᠯ ᠤᠨ ᠡᠬᠢᠯᠠᠯᠳᠠ ᠶᠢᠨ ᠶᠣᠰᠣᠯᠠᠯ | ᠶᠠᠪᠤᠭᠳᠠᠪᠠ᠃ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠣᠣ ᠹᠧᠢ ᠫᠧᠩ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠣᠣ ᠬᠤᠩ ᠭᠠᠩ᠂ ᠱᠧᠨ ᠨᠧᠩ ᠤᠮᠠᠷᠠᠲᠤ ᠶᠢᠨ ᠡᠨᠧᠷᠭᠢ ᠶᠢᠨ | ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠧᠦ ᠰᠠᠢ ᠰᠢᠨᠵᠢᠯᠡᠬᠦ ᠤᠬᠠᠭᠠᠨ ᠮᠡᠷᠭᠡᠵᠢᠯ | ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠲᠠᠳ᠋ ᠳᠠᠷᠤᠭ᠎ᠠ ᠦ᠋ ᡁᠢ ᠴᠢᠶᠠᠩ | ᠪᠠᠶᠠᠷ ᠤᠨ ᠶᠠᠷᠢᠶᠠᠨ ᠳᠠᠭᠠᠨ᠂ ᠲᠤᠰ ᠳᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠵᠠᠭᠤᠨ | ᠲᠦᠮᠡᠨ ᠺᠢᠯᠣᠸᠠᠲ ᠤᠨ ᠡᠨᠧᠷᠭᠢ ᠬᠠᠳᠠᠭᠠᠯᠠᠬᠤ ᠲᠥᠷᠥᠯ ᠵᠦᠢᠯ ᠪᠠᠶᠢᠵᠦ᠂ ᠤᠯᠤᠰ ᠤᠨ ᠲᠡᠷᠢᠭᠦᠨ ᠤ ᠮᠡᠷᠭᠡᠵᠢᠯ ᠢ | ᠬᠡᠷᠡᠭᠯᠡᠨ᠂ ᠪᠥᠬᠦ ᠬᠤᠰᠢᠭᠤᠨ ᠤ ᠰᠢᠨ᠎ᠡ ᠡᠨᠧᠷᠭᠢ ᠬᠠᠳᠠᠭᠠᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ | ᠪᠠᠷᠠᠭᠤᠨ ᠦᠵᠦᠮᠦᠴᠢᠨ ᠬᠤᠰᠢᠭᠤᠨ ᠤ ᠣᠷᠣᠨ ᠪᠦᠰᠡ ᠶᠢᠨ ᠡᠨᠧᠷᠭᠢ ᠶᠢᠨ ᠪᠠᠶᠢᠷᠢᠰᠢᠯ ᠳᠠᠬᠢ ᠴᠢᠬᠤᠯᠠ ᠪᠠᠶᠢᠷᠢ | ᠰᠠᠭᠤᠷᠢ ᠶᠢ ᠪᠠᠬᠢᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠪᠣᠯᠣᠨ᠎ᠠ᠃ ᠡᠬᠦᠨ ᠤ ᠬᠠᠮᠲᠤ᠂ ᠱᠧᠨ ᠨᠧᠩ ᠤᠮᠠᠷᠠᠲᠤ ᠶᠢᠨ ᠡᠨᠧᠷᠭᠢ ᠶᠢᠨ ᠬᠤᠪᠢ | ᠤᠷᠤᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠧᠦ ᠰᠠᠢ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠨᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠵᠢᠯ | ᠤᠨ ᠬᠤᠭᠤᠴᠠᠭ᠎ᠠ ᠪᠠᠨ ᠪᠠᠶᠢᠷᠢᠯᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ | ᠪᠠᠷ ᠴᠢᠨᠠᠷ ᠰᠠᠶᠢᠲᠠᠢ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ | ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ᠃ | ᠲᠤᠰ ᠲᠦᠷᠦᠯ ᠵᠦᠢᠯ ᠨᠢ ᠶᠡᠷᠦᠩᠬᠡᠢ ᠪᠡᠯᠡ ᠣᠷᠣᠭᠤᠯᠤᠯᠲᠠ 74 ᠳ᠋ᠦᠩᠰᠢᠭᠤᠷ ᠲᠥᠭᠦᠷᠢᠭ ᠲᠤ ᠬᠦᠷᠴᠦ᠂ | ᠪᠠᠷᠠᠭᠤᠨ ᠦᠵᠦᠮᠦᠴᠢᠨ ᠬᠤᠰᠢᠭᠤᠨ ᠤ ᠪᠠᠶᠠᠩᠬᠤᠸᠡ ᠪᠠᠯᠭᠠᠰᠣᠨ ᠤ ᠪᠠᠷᠠᠭᠤᠨ ᠬᠡᠰᠡᠭ ᠲᠤ ᠪᠠᠶᠢᠷᠢᠯᠠᠵᠤ᠂ | 3×350MW/4200MWh ᠰᠢᠨ᠎ᠡ ᠬᠡᠯᠪᠡᠷᠢ ᠶᠢᠨ ᠠᠭᠠᠷ ᠤᠨ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ | ᠪᠠᠶᠢᠵᠦ᠂ ᠰᠢᠨ᠎ᠡ ᠡᠨᠧᠷᠭᠢ ︱ ᠴᠠᠬᠢᠯᠭᠠᠨ ᠲᠣᠣᠷ ︱ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠨᠢᠭᠡ | ᠴᠣᠭᠴᠠᠵᠢᠭᠤᠯᠤᠨ ᠪᠠᠶᠢᠭᠤᠯᠬᠤ ᠪᠤᠯᠤᠨ᠎ᠠ᠃ |