6 ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ | ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ | ᠬᠤᠷᠠᠯᠳᠤᠭᠤᠯᠵᠤ᠂ ᠪᠥᠬᠦ ᠬᠤᠰᠢᠭᠤᠨ ᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢᠬᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ ᠴᠡᠭᠴᠡᠯᠡᠨ | ᠰᠠᠶᠢᠵᠢᠷᠠᠭᠤᠯᠬᠤ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ ᠳᠠᠬᠢᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ | ᠤ ᠱᠦᠵᠢ ᠪᠦᠦ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤ ᠳᠠᠷᠤᠭ᠎ᠠ ᠶᠣᠣ ᠬᠤᠩ ᠭᠠᠩ ᠬᠤᠷᠠᠯ ᠡᠷᠭᠢᠯᠡᠪᠡ᠃ | ᠬᠤᠷᠠᠯ ᠠᠴᠠ᠂ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠱᠠᠯᠠᠪᠳᠠᠭᠤᠯᠤᠨ | ᠵᠢᠯᠤᠭᠤᠳᠬᠤ ᠳᠤᠭᠤᠶᠢᠯᠠᠩ ᠤᠨ ︽ᠱᠠᠯᠠᠪᠳᠠᠭᠤᠯᠤᠨ ᠵᠢᠯᠤᠭᠤᠳᠬᠤ ᠰᠠᠨᠠᠯ ᠤᠨ ᠪᠢᠴᠢᠭ︾ ᠢ ᠨᠡᠶᠢᠲᠡᠯᠡᠨ ᠂ | ᠬᠤᠰᠢᠭᠤ ᠨᠠᠮ ᠤᠨ ᠬᠤᠷᠢᠶᠠᠨ ᠤ ᠡᠯ᠎ᠡ ᠰᠤᠷᠤᠯᠴᠠᠯᠭ᠎ᠠ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ | ᠳᠤᠭᠤᠶᠢᠯᠠᠩ ᠲᠣᠰ ᠲᠣᠰ ᠤᠨ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠣᠳᠣ ᠶᠠᠭ ᠴᠡᠭᠴᠡᠯᠡᠨ ᠵᠠᠰᠠᠬᠤ ᠵᠠᠩᠭᠢᠯᠠᠭ᠎ᠠ ᠶᠢᠨ | ᠱᠠᠲᠤᠨ ᠳᠤ ᠣᠷᠣᠭᠠᠳ ᠪᠠᠶᠢᠨ᠎ᠠ᠂ ᠪᠦᠬᠦ ᠬᠤᠰᠢᠭᠤ ᠪᠠᠷ ᠢᠶᠠᠨ ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠵᠤ | ᠂ ᠴᠡᠭᠴᠡᠯᠡᠨ ᠰᠠᠶᠢᠵᠢᠷᠠᠭᠤᠯᠬᠤ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠲᠥᠪ ᠤᠨ ᠨᠠᠢᠮᠠᠨ ᠵᠤᠷᠪᠤᠰ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠢ ᠪᠠᠶᠢᠴᠠᠭᠠᠨ ᠳᠡᠯᠭᠡᠬᠦ᠂ | ᠴᠡᠭᠴᠡᠯᠡᠨ ᠰᠠᠶᠢᠵᠢᠷᠠᠭᠤᠯᠬᠤ ᠶᠢ ᠪᠦᠬᠦ ᠶᠠᠪᠤᠴᠠ ᠳᠤ ᠲᠤᠤᠱᠯᠠᠭᠤᠯᠤᠨ᠂ ᠰᠤᠷᠤᠯᠴᠠᠬᠤ ᠶᠢᠨ ᠳᠠᠭᠠᠤ ᠬᠠᠷᠢᠴᠠᠭᠤᠯᠬᠤ᠂ | ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠪᠠ ᠦᠢᠯᠡᠳᠦᠯᠭᠡ ᠶᠢ | ᠠᠭᠤᠰᠤᠯᠴᠠᠭᠤᠯᠬᠤ ᠶᠢ ᠪᠡᠶᠡᠯᠡᠭᠦᠯᠦᠨ᠂ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠯᠠᠪᠳᠠᠭᠤᠨ ᠪᠠᠲᠤᠲᠠᠢ | ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠰᠤᠷᠤᠯᠴᠠᠯᠭ᠎ᠠ ᠬᠥᠮᠦᠵᠢᠯ ᠤᠨ ᠴᠡᠭᠴᠡᠯᠡᠨ ᠵᠠᠰᠠᠬᠤ ᠠᠵᠢᠯ ᠪᠣᠯ ᠤᠯᠤᠰ ᠲᠦᠷᠦ ᠶᠢᠨ ᠡᠭᠦᠷᠭᠡ | ᠮᠥᠨ᠂ ᠪᠠᠰᠠ ᠴᠤ ᠠᠵᠢᠯ ᠢᠶᠠᠨ ᠳᠡᠭᠡᠭᠰᠢᠯᠡᠭᠦᠯᠬᠦ᠂ ᠰᠤᠷᠲᠠᠯ ᠢᠶᠠᠨ ᠬᠤᠪᠢᠷᠠᠭᠤᠯᠬᠤ ᠠᠵᠠ ᠲᠣᠬᠢᠶᠠᠯ ᠮᠥᠨ᠃ ᠪᠥᠬᠦ | ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ | ᠢᠶᠠᠨ ᠲᠥᠪᠯᠡᠷᠡᠭᠦᠯᠦᠨ᠂ ᠴᠡᠭᠴᠡᠯᠡᠨ ᠵᠠᠰᠠᠬᠤ ᠴᠢᠭᠯᠡᠯ ᠢᠶᠠᠨ ᠲᠣᠳᠣᠷᠬᠠᠶᠢᠯᠠᠵᠤ᠂ ᠴᠡᠭᠴᠡᠯᠡᠨ ᠵᠠᠰᠠᠬᠤ ᠵᠢᠯᠣᠭᠤᠳᠤᠯᠭ᠎ᠠ | ᠪᠠᠨ ᠴᠢᠩᠭᠠᠳᠬᠠᠨ᠂ ᠨᠡᠭᠡᠭᠡᠯᠲᠡ ᠲᠠᠢ ᠰᠤᠷᠭᠠᠨ ᠬᠥᠮᠦᠵᠢᠯ ᠢ ᠤᠯᠠᠮ ᠨᠢᠭᠡ ᠠᠯᠬᠤᠮ ᠪᠣᠳᠠᠲᠠᠢ ᠠᠳᠬᠤᠵᠤ᠂ ᠡᠯ᠎ᠡ | ᠲᠥᠷᠥᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ ︽ᠵᠢᠷᠭᠤᠭᠠᠨ ᠲᠠᠯ᠎ᠠ ᠶᠢᠨ | ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ᠂ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠶᠢᠨ | ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ | ᠪᠠᠲᠤᠯᠠᠵᠤ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | |