ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠤᠱᠠᠯᠠᠭᠤᠯᠵᠤ᠂ ︽ᠠᠶᠤᠯᠭᠦᠢ ᠪᠠᠶᠢᠬᠤ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ | ᠰᠡᠷᠭᠡᠶᠢᠯᠡᠬᠦ ᠪᠠᠷ ᠭᠤᠤᠯᠳᠠᠯᠭ᠎ᠠ ᠪᠣᠯᠭᠠᠬᠤ᠂ ᠶᠡᠷᠦᠩᠬᠡᠶᠢᠯᠡᠨ ᠵᠠᠰᠠᠬᠤ︾ ᠴᠢᠭᠯᠡᠯᠲᠡ ᠶᠢ ᠪᠠᠷᠢᠮᠲᠠᠯᠠᠵᠤ᠂ ᠤᠳᠤᠷᠢᠳᠬᠤ | ᠺᠠᠳ᠋ᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠤᠬᠠᠮᠰᠠᠷ ᠢ ᠪᠥᠬᠦ ᠲᠠᠯ᠎ᠠ ᠪᠠᠷ | ᠴᠢᠩᠭᠠᠳᠬᠠᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ 6 | ᠰᠠᠷ᠎ᠠ ᠶᠢᠨ 30 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | ᠠᠯᠪᠠᠨ ᠭᠡᠷ ᠠᠴᠠ ᠪᠥᠬᠦ ᠬᠤᠰᠢᠭᠤᠨ ᠤ ᠨᠠᠮ ᠵᠠᠰᠠᠭ ᠤᠨ ᠤᠳᠤᠷᠢᠳᠬᠤ ᠺᠠᠳ᠋ᠷ ᠪᠣᠯᠣᠨ ᠭᠤᠣᠯᠳᠠᠯᠭ᠎ᠠ ᠲᠠᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯᠭᠦᠢ ᠦᠢᠯᠡᠳᠪᠦᠷᠢᠯᠡᠯ ᠤᠨ ᠪᠤᠯᠪᠠᠰᠤᠷᠠᠯ ᠤᠨ ᠠᠩᠭᠢ ᠶᠢ ᠡᠷᠬᠢᠯᠡᠵᠠᠢ᠃ | ᠲᠤᠰ ᠡᠳᠦᠷ ᠤᠨ ᠦᠳᠡ ᠶᠢᠨ ᠡᠮᠦᠨ᠎ᠡ᠂ ᠨᠠᠮ ᠵᠠᠰᠠᠭ ᠤᠨ ᠤᠳᠤᠷᠢᠳᠬᠤ ᠺᠠᠳ᠋ᠷ ᠪᠣᠯᠪᠠᠰᠤᠷᠠᠯ ᠳᠤ | ᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠠᠶᠢᠯᠪᠤᠷᠢᠯᠠᠭᠴᠢ ᠪᠠᠭᠰᠢ ᠠᠴᠠ | ᠣᠨᠣᠯ ᠪᠣᠯᠣᠨ ᠪᠣᠳᠠᠲᠤ ᠪᠠᠶᠢᠳᠠᠯ ᠢ ᠤᠶᠠᠯᠳᠤᠭᠤᠯᠤᠭᠰᠠᠨ ᠠᠷᠭ᠎ᠠ ᠬᠡᠯᠪᠡᠷᠢ ᠪᠠᠷ ᠤᠯᠤᠰ ᠤᠨ ᠶᠡᠷᠦᠩᠬᠡᠢ ᠴᠣᠭᠴᠠ | ᠶᠢᠨ ᠠᠮᠤᠷ ᠲᠦᠪᠰᠢᠨ ᠤ ᠦᠵᠡᠯᠲᠡ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ | ᠲᠤᠬᠠᠢ ᠴᠢᠬᠤᠯᠠ ᠥᠭᠦᠯᠡᠯᠲᠡ ᠵᠢᠴᠢ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠵᠡᠷᠭᠡ ᠭᠤᠣᠯ ᠠᠭᠤᠯᠭ᠎ᠠ ᠶᠢᠨ ᠲᠣᠭᠤᠷᠢᠨ ᠳᠤ ᠭᠦᠨᠵᠡᠭᠡᠢ | ᠲᠠᠶᠢᠯᠪᠤᠷᠢᠯᠠᠯᠲᠠ ᠬᠢᠵᠦ᠂ ᠣᠶᠢᠷ᠎ᠠ ᠶᠢᠨ ᠵᠢᠯ ᠤᠳ ᠲᠤ ᠤᠯᠤᠰ ᠤᠨ ᠳᠣᠲᠣᠭᠠᠳᠤ ᠶᠢᠨ ᠠᠶᠤᠯᠭᠦᠢ | ᠦᠢᠯᠡᠳᠪᠦᠷᠢᠯᠡᠯ ᠤᠨ ᠬᠦᠷᠢᠶᠡᠨ ᠳᠤ ᠡᠭᠦᠰᠦᠭᠰᠡᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ ᠠᠶᠤᠯᠭᠦᠢ | ᠦᠢᠯᠡᠳᠪᠦᠷᠢᠯᠡᠯ ᠤᠨ ᠤᠯᠤᠰ ᠤᠨ ᠪᠠᠶᠢᠯᠳᠤᠬᠤ ᠪᠣᠳᠣᠯᠭ᠎ᠠ ᠪᠠ ᠣᠷᠣᠨ ᠨᠤᠲᠤᠭ ᠤᠨ ᠬᠥᠭᠵᠢᠯᠲᠡ ᠳᠠᠬᠢ ᠵᠠᠩᠭᠢᠯᠠᠭ᠎ᠠ | ᠶᠢᠨ ᠦᠢᠯᠡᠳᠦᠯ ᠳᠤ ᠭᠦᠨᠵᠡᠭᠡᠢ ᠵᠠᠳᠠᠯᠤᠯᠲᠠ ᠬᠢᠵᠦ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠬᠤ ᠪᠠᠷ ᠪᠠᠷᠠᠬᠤ ᠦᠭᠡᠢ ᠨᠡᠩ ᠴᠤ ᠣᠷᠣᠨ | ᠨᠤᠲᠤᠭ ᠤᠨ ᠠᠵᠤ ᠠᠬᠤᠢ ᠶᠢᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠲᠣᠭᠲᠠᠭᠤᠨ | ᠪᠠᠶᠢᠳᠠᠯ ᠢ ᠬᠠᠮᠠᠭᠠᠯᠠᠬᠤ ᠶᠢᠨ ᠴᠢᠬᠤᠯᠠ ᠰᠠᠭᠤᠷᠢ ᠪᠣᠯᠬᠤ ᠶᠢ ᠲᠤᠳᠤᠷᠬᠠᠶᠢᠯᠠᠭᠰᠠᠨ ᠪᠠᠶᠢᠨ᠎ᠠ ᠃ ᠲᠠᠷᠠᠭ᠎ᠠ ᠨᠢ ︽ | ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠦᠮᠦᠨ ᠪᠤᠯᠭᠠᠨ ᠪᠠᠴᠢᠮ ᠪᠠᠶᠢᠳᠠᠯ ᠢ ᠠᠷᠭᠠᠴᠠᠵᠤ ᠴᠢᠳᠠᠨ᠎ᠠ︾ | ᠭᠡᠬᠦ 2025 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠭᠤᠣᠯ ᠰᠡᠳᠦᠪᠲᠦ ᠤᠬᠠᠭᠤᠯᠭ᠎ᠠ ᠶᠢᠨ | ᠹᠢᠯᠢᠮ ᠢ ᠬᠠᠮᠳᠦ ᠪᠠᠷ ᠰᠣᠨᠢᠷᠬᠠᠨ᠂ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠠᠮᠤᠷ ᠲᠦᠪᠰᠢᠨ ᠤ | ᠤᠬᠠᠮᠰᠠᠷ ᠢ ᠴᠢᠩᠭᠠᠳᠬᠠᠵᠠᠢ᠃ | ᠲᠤᠰ ᠡᠳᠦᠷ ᠤᠨ ᠦᠳᠡ ᠶᠢᠨ ᠬᠤᠶᠢᠨ᠎ᠠ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠤᠯᠪᠠᠰᠤᠷᠠᠯ ᠳᠤ | ᠤᠷᠤᠯᠴᠠᠵᠤ᠂ ᠬᠤᠰᠢᠭᠤ ᠭᠠᠯ ᠤᠨᠳᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠲᠤᠰᠬᠠᠢ ᠮᠡᠷᠭᠡᠵᠢᠯᠲᠡᠨ ᠠᠴᠠ | ᠭᠠᠯ ᠰᠡᠷᠭᠡᠶᠢᠯᠡᠬᠦ᠂ ᠭᠠᠯ ᠤᠨᠲᠠᠷᠠᠭᠠᠬᠤ᠂ ᠵᠢᠭᠤᠲᠠᠨ ᠵᠠᠶᠢᠯᠠᠬᠤ᠂ ᠰᠡᠷᠡᠮᠵᠢᠯᠡᠭᠦᠯᠬᠦ ᠬᠥᠮᠦᠵᠢᠯ ᠵᠡᠷᠭᠡ ᠠᠭᠤᠯᠭ᠎ᠠ ᠶᠢᠨ | ᠲᠣᠭᠤᠷᠢᠨ ᠳᠤ ᠪᠣᠯᠪᠠᠰᠤᠷᠠᠯ ᠦᠷᠨᠢᠬᠦᠯᠵᠦ᠂ ᠭᠠᠯ ᠤᠨ ᠠᠶᠤᠯ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ᠂ | ᠭᠠᠯ ᠢ ᠤᠷᠢᠳᠴᠢᠯᠠᠨ ᠰᠡᠷᠭᠡᠶᠢᠯᠡᠬᠦ᠂ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠡᠷᠭᠡ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠠᠵᠤ ᠠᠬᠤᠶᠢᠯᠠᠯ ᠳᠤ ᠬᠡᠷᠡᠭᠯᠡᠭᠡᠨ ᠤ | ᠴᠢᠨᠠᠷᠲᠠᠢ ᠭᠠᠯ ᠤᠨᠲᠠᠷᠠᠭᠠᠬᠤ ᠠᠮᠤᠷ ᠲᠦᠪᠰᠢᠨ ᠤ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠠᠴᠠ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠠᠶᠤᠯᠭᠦᠢ ᠦᠢᠯᠡᠳᠪᠦᠷᠢᠯᠡᠯ ᠤᠨ ᠬᠠᠤᠯᠢ︾᠂ ᠭᠡᠮ ᠰᠣᠭᠤᠭ ᠢ ᠪᠠᠶᠢᠴᠠᠭᠠᠨ ᠴᠡᠭᠴᠡᠯᠡᠬᠦ᠂ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠵᠡᠷᠭᠡ ᠲᠠᠯ᠎ᠠ ᠪᠠᠷ ᠲᠠᠶᠢᠯᠪᠤᠷᠢᠯᠠᠨ᠂ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠳᠤᠮᠳᠠᠬᠢ ᠭᠤᠣᠯ ᠴᠣᠭᠴᠠ ᠶᠢᠨ ᠬᠠᠷᠢᠭᠤᠴᠠᠯᠭ᠎ᠠ ᠪᠠ ᠡᠭᠦᠷᠭᠡ ᠶᠢ | ᠤᠯᠠᠮ ᠨᠢᠭᠡ ᠠᠯᠬᠤᠮ ᠲᠤᠳᠤᠷᠬᠠᠶᠢᠯᠠᠭᠰᠠᠨ ᠪᠠᠶᠢᠨ᠎ᠠ᠃ | ᠲᠣᠰ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠪᠠᠷᠠᠭᠤᠨ | ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠨᠢᠭᠡ ᠤᠳᠠᠭᠠᠨ ᠤ ᠴᠢᠬᠤᠯᠠ | ᠠᠵᠢᠯᠯᠠᠭ᠎ᠠ ᠪᠣᠯᠣᠨ᠎ᠠ᠃ ᠰᠢᠰᠲ᠋ᠧᠮᠲᠦ ᠪᠤᠯᠪᠠᠰᠤᠷᠠᠯ ᠢᠶᠠᠷ ᠳᠠᠮᠵᠢᠭᠤᠯᠤᠨ᠂ ᠨᠠᠮ ᠵᠠᠰᠠᠭ ᠤᠨ ᠤᠳᠤᠷᠢᠳᠬᠤ | ᠺᠠᠳ᠋ᠷᠴᠤᠳ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ | |