ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠷᠠᠭᠤᠨ ᠦᠵᠦᠮᠦᠴᠢᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ 121 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/2
      6 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 121 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠧᠨ ᠶᠦᠨ ᠨᠥᠬᠦᠷ ᠤᠨ ᠮᠡᠨᠳᠦᠯᠡᠭᠰᠡᠨ 120 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠲᠥᠪ ᠤᠨ ᠳᠡᠰ ᠤᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ᠂ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠢ ᠵᠥᠷᠢᠴᠡᠨ ᠢᠳᠡᠵᠦ ᠤᠤᠭᠤᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠤᠨ ᠲᠤᠬᠠᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠲᠢᠩᠬᠢᠮ ᠤᠨ ᠵᠠᠷᠯᠠᠯ ᠪᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠦᠮᠦᠵᠢᠯ ᠤᠨ ᠲᠥᠪ ᠤᠨ ᠶᠢᠰᠦᠳᠦᠭᠡᠷ ᠵᠢᠯᠤᠭᠤᠳᠬᠤ ᠳᠤᠭᠤᠶᠢᠯᠠᠩ  ᠠᠴᠠ ᠵᠢᠭᠠᠨ ᠵᠢᠯᠣᠭᠤᠳᠤᠭᠰᠠᠨ ᠥᠪᠥᠷ ᠮᠣᠩᠭᠤᠯ ᠤᠨ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠬᠤᠯᠪᠣᠭᠳᠠᠯ ᠪᠦᠬᠦᠢ ᠠᠵᠢᠯ ᠢ ᠬᠢᠨᠠᠨ ᠵᠥᠪᠯᠡᠵᠦ ᠰᠤᠳᠤᠯᠪᠠ᠃      ᠬᠤᠷᠠᠯ ᠠᠴᠠ᠂ ᠪᠥᠬᠦ ᠬᠤᠰᠢᠭᠤ ᠪᠠᠷ ᠢᠶᠠᠨ ᠴᠧᠨ ᠶᠦᠨ ᠨᠥᠬᠦᠷ ᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠵᠤ᠂ ᠤᠳᠤᠷᠢᠳᠬᠤ ᠲᠤᠷᠰᠢᠯᠭ᠎ᠠ ᠪᠠᠨ ᠪᠠᠶᠠᠯᠢᠭᠵᠢᠭᠤᠯᠤᠨ᠂ ᠰᠢᠨᠵᠢᠯᠡᠬᠦ ᠤᠬᠠᠭᠠᠨᠴᠢ ᠠᠵᠢᠯ ᠤᠨ ᠠᠷᠭ᠎ᠠ ᠶᠢ ᠰᠤᠷᠤᠯᠴᠠᠵᠤ᠂ ᠪᠠᠶᠢᠴᠠᠭᠠᠨ ᠰᠤᠳᠤᠯᠤᠯᠲᠠ ᠶᠢ ᠪᠠᠶᠢᠩᠭᠤᠵᠢᠭᠤᠯᠤᠨ ᠭᠦᠨᠵᠡᠭᠡᠢ ᠥᠷᠨᠢᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠦᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠢᠮᠠᠭᠲᠠ ᠴᠢᠩᠭ᠎ᠠ ᠰᠠᠬᠢᠯᠭ᠎ᠠ ᠪᠠᠲᠤ᠂ ᠠᠷᠢᠭᠤᠨ ᠴᠢᠬᠡᠴᠢ ᠬᠡᠪ ᠰᠤᠷᠲᠠᠯ ᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠰᠢ ᠶᠢᠨ ᠫᠢᠩ ᠶᠡᠷᠦᠩᠬᠡᠢ ᠱᠦᠵᠢ ᠶᠢᠨ ︽ᠦᠨᠡᠨ︾ ᠰᠡᠳᠬᠦᠯ ᠳᠤ ᠨᠡᠶᠢᠲᠡᠯᠡᠭᠰᠡᠨ ︽ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠲᠦᠷᠭᠡᠳᠬᠡᠰᠦᠭᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠣᠶᠢᠯᠠᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠦᠮᠦᠵᠢᠯ ᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠪᠥᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠷᠭᠦᠯᠵᠢᠯᠡᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠰᠤᠷᠭᠠᠭᠤᠯᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠬᠢᠨ ︽ᠦᠨᠡᠨ︾ ᠰᠡᠳᠬᠦᠯ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠰᠤᠭᠠᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ ᠶᠢᠰᠦᠳᠦᠭᠡᠷ ᠵᠢᠯᠤᠭᠤᠳᠬᠤ ᠳᠤᠭᠤᠶᠢᠯᠠᠩ ᠠᠴᠠ ᠵᠢᠭᠠᠨ ᠵᠢᠯᠣᠭᠤᠳᠤᠭᠰᠠᠨ ᠥᠪᠥᠷ ᠮᠣᠩᠭᠤᠯ ᠤᠨ ᠠᠭᠤᠯᠵᠠᠯᠲᠠ ᠶᠢᠨ ᠬᠤᠷᠠᠯ ᠪᠣᠯᠣᠨ 6 ᠰᠠᠷ᠎ᠠ ᠶᠢᠨ 22 ᠤ ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠠᠴᠠ ᠦᠷᠭᠦᠯᠵᠢᠯᠡᠨ ᠵᠢᠯᠤᠭᠤᠳᠬᠤ ᠳᠤᠭᠤᠶᠢᠯᠠᠩ ᠲᠣᠮᠢᠯᠠᠵᠤ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠰᠤᠷᠲᠠᠯ  ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠭᠠᠳᠬᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠲᠤᠤᠱᠯᠠᠭᠤᠯᠵᠤ᠂ ᠤᠷᠲᠤ ᠬᠤᠭᠤᠴᠠᠭᠠᠨ ᠤ ᠲᠤᠷᠰᠢ ᠦᠨᠡᠨᠬᠦ ᠵᠣᠷᠢᠭᠲᠠᠢ ᠴᠢᠩᠭ᠎ᠠ ᠬᠠᠮᠢᠶᠠᠷᠴᠤ ᠴᠢᠩᠭ᠎ᠠ ᠠᠳᠬᠤᠬᠤ ᠶᠢ ᠪᠡᠶᠡᠯᠡᠭᠦᠯᠬᠦ ᠬᠡᠷᠡᠭᠲᠡᠢ᠃ ᠸᠧᠢ ᠱᠤᠸᠠᠨ ᠱᠢ ᠵᠡᠷᠭᠡ ᠬᠥᠮᠥᠰ ᠤᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠨ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠬᠦᠨᠳᠦ ᠨᠣᠴᠢᠲᠠᠢ ᠵᠥᠷᠢᠴᠡᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ  ᠢᠶᠠᠨ ᠴᠢᠩᠭᠠᠷᠠᠭᠤᠯᠤᠨ᠂ ᠰᠠᠬᠢᠯᠭ᠎ᠠ ᠪᠠᠲᠤ  ᠶᠢ ᠵᠥᠷᠢᠴᠡᠭᠰᠡᠳ ᠢ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠡᠷᠡᠰ ᠬᠤᠷᠢᠭᠯᠠᠬᠤ ᠬᠡᠷᠡᠭᠲᠡᠢ ᠭᠡᠵᠡᠢ᠃ ᠡᠭᠦᠨ ᠤ ᠬᠠᠮᠲᠤ ᠬᠡᠪ ᠤᠨ ᠢᠳᠡᠭᠡᠨ ᠤᠮᠳᠠᠭᠠᠨ ᠤ ᠬᠡᠷᠡᠭᠯᠡᠭᠡ ᠪᠣᠯᠣᠨ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠵᠥᠪ ᠣᠨᠣᠪᠴᠢᠲᠠᠢ ᠢᠯᠭᠠᠨ ᠲᠠᠨᠢᠵᠤ᠂ ᠵᠠᠰᠠᠯᠲᠠ ᠶᠢᠨ ᠴᠢᠨᠠᠷ ᠢ ᠬᠤᠪᠢᠷᠠᠭᠤᠯᠬᠤ ᠶᠢ ᠰᠡᠷᠭᠡᠶᠢᠯᠡᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ ᠤᠯᠠᠨ ᠲᠦᠮᠡᠨ ᠤ ᠬᠦᠴᠢᠷ  ᠲᠤᠯᠭᠠᠮ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ᠂ ᠢᠯᠵᠠᠷᠠᠯ ᠢ ᠬᠠᠮᠲᠤᠪᠠᠷ ᠪᠠᠶᠢᠴᠠᠭᠠᠵᠤ ᠬᠠᠮᠲᠤᠪᠠᠷ ᠵᠠᠰᠠᠬᠤ ᠶᠢ ᠴᠢᠨᠠᠭᠰᠢᠳᠠ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号