ᠤᠯᠠᠯᠵᠠᠨ ᠨᠠᠮᠢᠷᠠᠬᠤ ᠲᠠᠪᠤᠨ ᠣᠳᠣᠲᠤ ᠤᠯᠠᠭᠠᠨ ᠲᠤᠭ ᠤᠯᠤᠰ ᠢᠶᠠᠨ ᠬᠠᠶᠢᠷᠠᠯᠠᠬᠤ ᠴᠢᠩ ᠰᠡᠳᠬᠢᠯ ᠤᠨ ᠳᠠᠭᠤᠯᠠᠯ
ᠨᠡᠶᠢᠲᠡᠯᠡᠭᠰᠡᠨ ᠴᠠᠭ᠄
2025/7/3
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠪᠣᠯᠵᠤ ᠪᠠᠶᠢᠭ᠎ᠠ ᠳᠡᠯᠭᠡᠷ ᠰᠠᠶᠢᠬᠠᠨ ᠤᠯᠠᠷᠢᠯ ᠳᠤ ᠡᠬᠡ ᠤᠯᠤᠰ ᠤᠨ ᠤᠮᠠᠷᠠᠲᠤ ᠬᠢᠯᠢ ᠶᠢᠨ ᠪᠠᠷᠠᠭᠤᠨ ᠦᠵᠦᠮᠦᠴᠢᠨ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠨᠣᠮᠢᠨ ᠨᠣᠭᠤᠭᠠᠨ ᠢᠶᠠᠷ ᠭᠤᠶᠣᠯᠠᠨ᠂ ᠭᠤᠣᠯ ᠮᠥᠷᠡᠨ ᠤᠭᠠᠯᠵᠠᠯᠠᠨ ᠤᠷᠤᠰᠴᠤ᠂ ᠬᠦᠮᠦᠨ ᠠᠷᠠᠳ ᠨᠢ ᠠᠮᠤᠷ ᠲᠠᠶᠢᠪᠤᠩ ᠠᠵᠤ ᠲᠥᠷᠥᠨ ᠬᠢᠯᠢ ᠬᠢᠵᠠᠭᠠᠷ ᠣᠷᠣᠨ ᠤ ᠭᠤᠶᠢᠳᠠ ᠰᠠᠶᠢᠬᠠᠨ ᠢ ᠵᠢᠷᠤᠭᠯᠠᠨ᠎ᠠ᠃ ᠠᠳᠡᠬᠢ ᠭᠠᠵᠠᠷ ᠪᠣᠯᠭᠠᠨ ᠳᠤ ᠤᠯᠠᠯᠵᠠᠨ ᠨᠠᠮᠢᠷᠠᠬᠤ ᠲᠠᠪᠤᠨ ᠣᠳᠣᠲᠤ ᠤᠯᠠᠭᠠᠨ ᠲᠤᠭ ᠨᠢ ᠬᠢᠯᠢ ᠬᠢᠵᠠᠭᠠᠷ ᠤᠨ ᠬᠥᠪᠡᠭᠦᠳ ᠥᠬᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠲᠣᠳᠣ ᠠᠴᠠ ᠲᠣᠳᠣ ᠬᠠᠷᠠᠭᠤᠯᠤᠨ᠎ᠠ᠃
    ᠪᠠᠷᠠᠭᠤᠨ ᠦᠵᠦᠮᠦᠴᠢᠨ ᠬᠤᠰᠢᠭᠤᠨ ᠤ ᠡᠯ᠎ᠡ ᠭᠠᠵᠠᠷ ᠢᠶᠠᠷ ᠠᠶᠠᠯᠠᠬᠤ ᠳᠤ ᠤᠯᠤᠰ ᠤᠨ ᠲᠤᠭ ᠤᠨ ᠭᠦᠨ ᠵᠤᠵᠠᠭᠠᠨ ᠠᠭᠤᠷ ᠠᠮᠢᠰᠬᠤᠯ ᠲᠣᠳᠣᠷᠠᠨ᠎ᠠ᠃ ᠮᠣᠷᠢᠲᠠᠨ ᠭᠤᠣᠯ ᠴᠠᠭᠳᠠᠭᠴᠢ ᠤᠯᠤᠰ ᠤᠨ ᠲᠤᠭ ᠢᠶᠠᠨ ᠭᠤᠣᠯ ᠮᠥᠷᠡᠨ ᠤ ᠡᠷᠭᠢ ᠳᠠᠭᠠᠤ ᠴᠢᠬᠤᠯᠠ ᠴᠡᠭ ᠲᠤ ᠨᠠᠮᠢᠷᠠᠭᠤᠯᠤᠨ᠂ ᠤᠳᠠᠭ᠎ᠠ ᠪᠦᠷᠢ ᠶᠢᠨ ᠴᠠᠭᠳᠠᠨ ᠪᠠᠶᠢᠴᠠᠭᠠᠬᠤ ᠠᠵᠢᠯᠯᠠᠭ᠎ᠠ ᠳᠠᠭᠠᠨ ᠲᠥᠪ ᠶᠡᠬᠡᠮᠰᠦᠭ ᠶᠣᠰᠣᠯᠠᠯ ᠢᠶᠠᠷ ᠨᠤᠲᠤᠭ ᠳᠡᠪᠢᠰᠬᠡᠷ ᠢᠶᠠᠨ ᠰᠠᠬᠢᠨ ᠬᠠᠮᠠᠭᠠᠯᠠᠬᠤ ᠡᠭᠦᠷᠭᠡ ᠬᠠᠷᠢᠭᠤᠴᠠᠯᠭᠠᠲᠤ ᠰᠡᠳᠬᠢᠯ ᠢᠶᠠᠨ ᠬᠥᠪᠴᠢᠯᠡᠳᠡᠭ᠃ ᠡᠯ᠎ᠡ ᠰᠤᠷᠭᠠᠭᠤᠯᠢ ᠶᠢᠨ ᠭᠠᠷᠠᠭ ᠪᠦᠷᠢ ᠶᠢᠨ ᠨᠢᠭᠡᠨ ᠤ ᠤᠯᠤᠰ  ᠤᠨ ᠲᠤᠭ ᠮᠠᠨᠳᠤᠭᠤᠯᠬᠤ ᠶᠣᠰᠣᠯᠠᠯ ᠳᠤ᠂ ᠪᠠᠭᠰᠢ ᠰᠤᠷᠤᠭᠴᠢᠳ ᠠᠯᠭᠤᠷᠬᠠᠨ ᠮᠠᠨᠳᠤᠬᠤ ᠤᠯᠤᠰ ᠤᠨ ᠲᠤᠭ ᠢ ᠰᠢᠷᠲᠡᠨ᠂ ᠤᠯᠤᠰ ᠤᠨ ᠰᠦᠯᠳᠡ ᠳᠠᠭᠤᠤ ᠪᠠᠨ ᠳᠠᠭᠤᠯᠠᠵᠤ ᠤᠯᠤᠰ ᠢᠶᠠᠨ ᠬᠠᠶᠢᠷᠠᠯᠠᠬᠤ ᠴᠢᠩ ᠦᠨᠡᠨᠴᠢ ᠰᠡᠳᠬᠢᠯ  ᠢᠶᠠᠨ ᠢᠯᠡᠳᠬᠡᠳᠡᠭ᠃ ᠮᠠᠯᠵᠢᠬᠤ ᠣᠷᠣᠨ ᠤ ᠨᠠᠮ ᠤᠨ ᠭᠡᠰᠢᠭᠦᠨ ᠭᠤᠣᠯᠳᠠᠯᠭᠠᠲᠤ ᠡᠷᠦᠬᠡ ᠨᠢ ᠴᠢᠬᠤᠯᠠ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠡᠷᠬᠢᠨ ᠲᠣᠭᠤᠷᠢᠨ ᠤ ᠮᠠᠯᠴᠢᠳ ᠢᠶᠠᠨ ᠵᠣᠬᠢᠶᠠᠨ ᠪᠠᠶᠢᠭᠤᠯᠤᠨ᠂ ᠲᠠᠪᠤᠨ ᠣᠳᠣᠲᠤ ᠤᠯᠠᠭᠠᠨ ᠲᠤᠭ ᠤᠨ ᠳᠣᠣᠷ᠎ᠠ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠬᠤᠪᠢᠶᠠᠯᠴᠠᠵᠤ᠂ ᠰᠠᠶᠢᠨ ᠰᠠᠶᠢᠬᠠᠨ ᠠᠮᠢᠳᠤᠷᠠᠯ ᠤᠨ ᠢᠶᠠᠨ ᠠᠯᠤᠰ ᠤᠨ ᠲᠥᠯᠥᠪ ᠤᠨ ᠲᠤᠬᠠᠢ ᠨᠢᠮᠪᠠᠢ ᠶᠠᠷᠢᠯᠴᠠᠳᠠᠭ᠃
    ᠡᠨᠡ ᠪᠣᠯ ᠬᠢᠯᠢ ᠬᠢᠵᠠᠭᠠᠷ ᠤᠨ ᠣᠯᠠᠨ ᠲᠦᠮᠡᠨ ᠤ ᠡᠬᠡ ᠤᠯᠤᠰ ᠲᠠᠭᠠᠨ ᠬᠠᠷᠢᠶᠠᠯᠠᠭᠳᠠᠬᠤ ᠰᠡᠳᠬᠢᠯᠭᠡ ᠶᠢ ᠪᠣᠳᠠᠲᠠᠶᠢᠵᠢᠭᠤᠯᠤᠭᠰᠠᠨ ᠢᠯᠡᠷᠬᠡᠶᠢᠯᠡᠯ ᠮᠥᠨ᠂ ᠨᠠᠩ ᠴᠤ ᠪᠠᠷᠠᠭᠤᠨ ᠦᠵᠦᠮᠦᠴᠢᠨ ᠬᠤᠰᠢᠭᠤᠨ ᠤ ᠠᠷᠠᠳ ᠲᠦᠮᠡᠨ ᠤ ᠡᠬᠡ ᠤᠯᠤᠰ ᠢᠶᠠᠨ ᠭᠡᠰᠡᠨ ᠬᠠᠯᠠᠭᠤᠨ ᠰᠡᠳᠬᠢᠯᠭᠡ ᠶᠢᠨ ᠢᠯᠡᠷᠬᠡᠶᠢᠯᠡᠯ ᠮᠥᠨ᠂ ᠤᠳᠠᠭ᠎ᠠ ᠪᠦᠷᠢ ᠶᠢᠨ ᠪᠠᠷᠠᠯᠠᠯ᠂ ᠬᠦᠨᠳᠦᠳᠬᠡᠯ ᠳᠡᠪᠰᠢᠭᠦᠯᠦᠯ ᠳᠤ ᠴᠥᠮ ᠡᠬᠡ ᠤᠯᠤᠰ ᠢᠶᠠᠨ ᠪᠠᠭ᠋ᠠᠳᠤᠨ ᠬᠠᠶᠢᠷᠠᠯᠠᠬᠤ ᠪᠠ ᠢᠷᠦᠭᠡᠯ ᠵᠥᠩᠨᠡᠯ ᠳᠦᠭᠦᠷᠡᠩ ᠪᠠᠶᠢᠳᠠᠭ᠃  
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号