ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ‍ᠤᠨ‌‍ᠲ᠋ᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2025/7/3
    7 ᠰᠠᠷ᠎ᠠ ᠶᠢᠨ 1 ᠤ ᠡᠳᠦᠷ᠂ ᠪᠠᠷᠠᠭᠤᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ︽ ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠡᠷᠭᠢᠯᠡᠪᠡ᠃ ᠪᠥᠬᠦ ᠬᠤᠰᠢᠭᠤᠨ ᠤ ᠭᠠᠵᠠᠷ ᠤᠨ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ᠂ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠭᠠᠴᠠᠭ᠎ᠠ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ  ᠶᠢᠨ ᠱᠦᠵᠢ ᠵᠢᠴᠢ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠢᠶᠠᠨ ᠤᠭᠲᠤᠵᠤ ᠪᠠᠶᠢᠭ᠎ᠠ ᠠᠬᠠᠮᠠᠳ ᠨᠠᠮ ᠤᠨ ᠭᠡᠰᠢᠭᠦᠳ ᠤᠨ ᠲᠥᠯᠥᠭᠡᠯᠡᠭᠴᠢ᠂ ᠰᠢᠨ᠎ᠡ ᠪᠠᠷ ᠡᠯᠰᠡᠭᠰᠡᠨ ᠨᠠᠮ ᠤᠨ ᠭᠡᠰᠢᠭᠦᠳ ᠤᠨ ᠲᠥᠯᠥᠭᠡᠯᠡᠭᠴᠢ ᠵᠡᠷᠭᠡ 260 ᠭᠠᠷᠤᠢ ᠬᠥᠮᠥᠨ ᠨᠢᠭᠡ ᠲᠠᠩᠬᠢᠮ ᠳᠤ ᠴᠤᠭᠯᠠᠷᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠬᠠᠮᠲᠤ ᠪᠠᠷ ᠪᠡᠯᠭᠡᠯᠡᠪᠡ᠃
       ᠠᠵᠢᠯᠯᠠᠭ᠎ᠠ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠠᠵᠢᠯᠯᠠᠭ᠎ᠠ ᠳᠤ ᠣᠷᠣᠯᠴᠠᠭᠰᠠᠳ ᠪᠦᠭᠦᠳᠡᠭᠡᠷ ᠢᠶᠠᠨ ᠪᠣᠰᠴᠤ ᠵᠣᠭᠰᠣᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠠᠮᠲᠤᠪᠠᠷ ᠳᠠᠭᠤᠯᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠪᠦᠦ ᠯᠢᠨ ᠨᠥᠬᠦᠷ ᠪᠠᠶᠠᠷ ᠤᠨ ᠦᠭᠡ ᠬᠡᠯᠡᠵᠦ᠂ ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠪᠥᠬᠦ ᠬᠤᠰᠢᠭᠤᠨ ᠤ ᠨᠠᠮ ᠤᠨ ᠭᠡᠰᠢᠭᠦᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠥᠷᠭᠡᠨ ᠣᠯᠠᠨ ᠨᠠᠮ ᠤᠨ ᠭᠡᠰᠢᠭᠦᠳ ᠤᠨ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠢᠯᠢᠳᠡᠭ ᠰᠤᠷᠲᠠᠯ ᠢᠶᠠᠨ ᠪᠠᠳᠠᠷᠠᠭᠤᠯᠤᠨ᠂ ᠵᠣᠷᠢᠭᠲᠠᠢ ᠪᠠᠷ ᠡᠭᠦᠷᠭᠡᠯᠡᠵᠦ᠂ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢ ᠵᠣᠷᠢᠭᠵᠢᠭᠤᠯᠪᠠ᠃
   ᠲᠠᠷᠠᠭ᠎ᠠ ᠨᠢ᠂ ᠪᠦᠦ ᠯᠢᠨ ᠨᠥᠬᠦᠷ ᠠᠬᠠᠮᠠᠳ ᠨᠠᠮ ᠤᠨ ᠭᠡᠰᠢᠭᠦᠨ ᠤ ᠲᠥᠯᠥᠭᠡᠯᠡᠭᠴᠢᠳ ᠲᠤ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠢ ᠭᠠᠷᠳᠠᠭᠤᠯᠵᠤ᠂ ᠳᠡᠳᠡᠨ ᠳᠤ ᠲᠠᠪᠢᠨ ᠵᠢᠯ ᠤᠨ ᠲᠤᠷᠰᠢ ᠤᠭ ᠵᠣᠷᠢᠯᠲᠠ ᠪᠠᠨ ᠪᠠᠲᠤ ᠰᠠᠬᠢᠨ᠂ ᠨᠠᠮ ᠪᠣᠯᠣᠨ ᠠᠷᠠᠳ ᠲᠦᠮᠡᠨ ᠤ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠳᠤ ᠬᠦᠨᠳᠦᠳᠬᠡᠯ ᠳᠡᠪᠰᠢᠭᠦᠯᠵᠡᠢ᠃
    ᠰᠢᠨ᠎ᠡ ᠪᠠᠷ ᠡᠯᠰᠡᠭᠰᠡᠨ ᠨᠠᠮ ᠭᠡᠰᠢᠭᠦᠳ ᠤᠨ ᠲᠥᠯᠥᠭᠡᠯᠡᠭᠴᠢ ᠠᠴᠠ ︽ᠨᠠᠮ ᠤᠨ ᠲᠤᠭ ᠤᠨ ᠳᠣᠣᠷ᠎ᠠ᠂ ᠰᠡᠳᠬᠢᠯ ᠢᠶᠠᠨ ᠨᠢᠭᠡᠳᠬᠡᠵᠦ ᠬᠠᠮᠲᠤ ᠪᠠᠷ ᠤᠷᠤᠭᠰᠢᠯᠠᠶ᠎ᠠ︾ ᠭᠡᠬᠦ ᠰᠡᠳᠦᠪ ᠢᠶᠠᠷ ᠨᠠᠮ ᠳᠤ ᠣᠷᠣᠭᠰᠠᠨ ᠤᠭ ᠵᠣᠷᠢᠯᠲᠠ  ᠪᠠᠨ ᠬᠤᠪᠢᠶᠠᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠬᠤᠪᠢᠰᠬᠠᠯᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠬᠤ ᠡᠷᠡᠰ ᠪᠠᠲᠤ ᠢᠲᠡᠭᠡᠯ ᠪᠢᠰᠢᠷᠡᠯ ᠢᠶᠠᠨ ᠢᠯᠡᠳᠬᠡᠪᠡ᠃ ᠡᠭᠦᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠪᠥᠬᠦ ᠬᠦᠮᠦᠰ ︽ᠨᠠᠢᠮᠠᠨ ᠵᠦᠢᠯ ᠤᠨ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠤᠶ᠎ᠠ︾ ᠭᠡᠬᠦ ᠲᠤᠰᠬᠠᠢ ᠰᠡᠳᠦᠪᠲᠦ ᠹᠢᠯᠢᠮ ᠢ ᠬᠠᠮᠲᠤ ᠰᠣᠨᠢᠷᠬᠠᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠳᠬᠤᠵᠤ᠂ ᠣᠷᠳᠣ ᠬᠤᠭᠤᠴᠠᠭ᠎ᠠ ᠪᠠᠷ ᠴᠢᠷᠮᠠᠶᠢᠬᠤ ᠴᠢᠬᠤᠯᠠᠲᠠᠢ ᠪᠠᠶᠢᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠰᠢᠤᠸᠠᠢ ᠶᠢᠩ ᠤᠨ ᠳᠠᠭᠠᠭᠤᠯᠭ᠎ᠠ ᠳᠣᠣᠷ᠎ᠠ᠂ ᠰᠢᠨ᠎ᠡ ᠪᠠᠷ ᠡᠯᠰᠡᠭᠰᠡᠨ 35 ᠨᠠᠮ ᠤᠨ ᠭᠡᠰᠢᠭᠦᠳ ᠤᠨ ᠲᠥᠯᠥᠭᠡᠯᠡᠭᠴᠢ ᠨᠠᠮ ᠤᠨ ᠲᠤᠭ ᠲᠤ ᠬᠠᠨᠳᠤᠨ ᠨᠠᠮ ᠳᠤ ᠣᠷᠣᠬᠤ ᠲᠠᠩᠭᠠᠷᠢᠭ ᠢᠶᠠᠨ ᠡᠷᠭᠦᠵᠦ᠂ ᠡᠷᠡᠰ ᠴᠢᠩᠭ᠎ᠠ ᠲᠠᠩᠭᠠᠷᠢᠭ ᠢᠶᠠᠷ ᠢᠲᠡᠭᠡᠯ ᠵᠣᠷᠢᠭ ᠢᠶᠠᠨ ᠬᠥᠪᠴᠢᠯᠡᠪᠡ᠃ ᠬᠠᠮᠤᠭ ᠤᠨ ᠰᠡᠭᠦᠯ ᠳᠤ᠂ ︽ᠢᠨᠲ᠋ᠧᠷᠨᠠᠼᠣᠨᠠᠯ ᠤᠨ ᠳᠠᠭᠤᠤ︾ ᠶᠢᠨ ᠬᠦᠭ ᠠᠶᠠᠰ ᠳᠤᠮᠳᠠ ᠲᠤᠰ ᠤᠳᠠᠭᠠᠨ ᠤ ᠠᠵᠢᠯᠯᠠᠭ᠎ᠠ ᠨᠢ ᠠᠮᠵᠢᠯᠲᠠ ᠲᠠᠢ ᠥᠨᠳᠥᠷᠯᠡᠵᠡᠢ᠃ ᠠᠵᠢᠯᠯᠠᠭ᠎ᠠ ᠶᠢᠨ ᠲᠠᠷᠠᠭ᠎ᠠ᠂ ᠨᠠᠮ ᠤᠨ ᠭᠡᠰᠢᠭᠦᠳ ᠲᠤᠰ ᠤᠳᠠᠭᠠᠨ ᠤ ᠨᠠᠮ ᠤᠨ ᠡᠳᠦᠷ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠬᠠᠮᠠᠳ ᠨᠠᠮ ᠤᠨ ᠭᠡᠰᠢᠭᠦᠨ ᠢᠶᠠᠷ ᠳᠠᠭᠤᠷᠢᠶᠠᠯ ᠪᠣᠯᠭᠠᠨ᠂ ᠨᠠᠮ ᠳᠤ ᠣᠷᠣᠭᠰᠠᠨ ᠤᠭ ᠵᠣᠷᠢᠯᠲᠠ ᠪᠠᠨ ᠪᠠᠲᠤ ᠴᠡᠭᠡᠵᠢᠯᠡᠵᠦ᠂ ᠡᠷᠡᠰ ᠪᠠᠲᠤ ᠲᠠᠩᠭᠠᠷᠢᠭ ᠢᠶᠠᠨ ᠦᠢᠯᠡᠳᠦᠯᠭᠡᠵᠢᠭᠦᠯᠦᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠠᠮ ᠪᠣᠯᠣᠨ ᠠᠷᠠᠳ ᠲᠦᠮᠡᠨ ᠳᠤ ᠦᠯᠦ ᠣᠰᠣᠯᠳᠠᠨ᠂ ᠴᠣ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号