ᠬᠦᠴᠢᠷᠳᠡᠯ ᠢ ᠠᠰᠠᠭᠤᠨ ᠣᠶᠢᠯᠠᠭᠠᠵᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ | ᠠᠰᠠᠭᠤᠳᠠᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃ | ᠶᠣᠣ ᠬᠤᠩ ᠭᠠᠩ᠂ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠪᠦᠲᠦᠭᠡᠭᠳᠡᠬᠦᠨ ᠤ ᠶᠠᠰᠤ ᠴᠢᠨᠠᠷ | ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠪᠦᠲᠦᠭᠡᠭᠳᠡᠬᠦᠨ ᠤ ᠶᠠᠰᠤ ᠴᠢᠨᠠᠷ ᠤᠨ | ᠲᠣᠭᠲᠠᠭᠤᠨ ᠴᠢᠨᠠᠷ ᠪᠠ ᠠᠮᠤᠷ ᠲᠦᠪᠰᠢᠨ ᠢ ᠪᠠᠲᠤᠯᠠᠬᠤ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠶᠢ ᠡᠭᠦᠳᠬᠦ ᠶᠢ ᠮᠠᠨ ᠤ ᠬᠤᠰᠢᠭᠤᠨ ᠤ ᠣᠨᠴᠠᠯᠢᠭᠲᠤ ᠴᠠᠭᠠᠨ ᠢᠳᠡᠭᠡᠨ ᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠭᠤᠣᠯ ᠬᠥᠳᠡᠯᠭᠡᠬᠦ ᠬᠦᠴᠦᠨ ᠪᠣᠯᠭᠠᠵᠤ᠂ ᠤᠯᠠᠮᠵᠢᠯᠠᠯᠲᠤ ᠠᠵᠤ ᠦᠢᠯᠡᠰ ᠢ ᠰᠢᠨ᠎ᠡ | ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠢ᠃ ᠪᠦᠲᠦᠭᠡᠭᠳᠡᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠣᠯᠣᠨ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠂ ᠲᠡᠷᠢᠭᠦᠨ ᠤ ᠭᠠᠵᠠᠷ | ᠣᠷᠣᠨ ᠤ ︽ᠦᠨᠳᠦᠰᠦᠲᠡᠨ ᠤ ᠣᠨᠴᠠᠯᠢᠭᠲᠤ ᠴᠠᠭᠠᠨ ᠢᠳᠡᠭᠡᠨ ᠢ ᠦᠢᠯᠡᠳᠪᠦᠷᠢᠵᠢᠭᠦᠯᠬᠦ ᠲᠤᠷᠰᠢᠯᠲᠠ︾ ᠶᠢᠨ | ᠲᠤᠷᠰᠢᠯᠭ᠎ᠠ ᠪᠠᠷ ᠲᠣᠯᠢ ᠪᠣᠯᠭᠠᠨ᠂ ᠤᠯᠠᠮᠵᠢᠯᠠᠯᠲᠤ ᠴᠠᠭᠠᠨ ᠢᠳᠡᠭᠡᠨ ᠢ ᠪᠠᠷᠢᠮᠵᠢᠶᠠᠵᠢᠭᠤᠯᠤᠨ ᠲᠡᠰ ᠳᠡᠪᠰᠢᠭᠦᠯᠬᠦ ᠶᠢ | ᠠᠬᠢᠭᠤᠯᠤᠨ᠂ ᠦᠢᠯᠡᠳᠪᠦᠷᠢᠯᠡᠬᠦ ᠴᠢᠳᠠᠪᠤᠷᠢ ᠪᠣᠯᠣᠨ ᠦᠢᠯᠡᠳᠬᠦᠨ ᠤ ᠨᠡᠮᠡᠯᠲᠡ ᠥᠷᠳᠡᠭ ᠢ ᠲᠠᠰᠤᠷᠠᠯᠳᠠ ᠦᠭᠡᠢ | ᠳᠡᠭᠡᠭᠰᠢᠯᠡᠭᠦᠯᠦᠨ᠂ ᠪᠣᠷᠣᠯᠠᠭᠤᠯᠤᠨ ᠬᠤᠳᠠᠯᠳᠤᠬᠤ ᠠᠷᠭ᠎ᠠ ᠵᠠᠮ ᠢ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠵᠤ | ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠬᠦᠷᠲᠡᠭᠡᠵᠦ᠂ ︽ᠠᠵᠤ ᠠᠬᠤᠶᠢᠯᠠᠯ + | ᠬᠤᠷᠰᠢᠶᠠᠵᠢᠯ + ᠮᠠᠯᠴᠢᠨ ᠡᠷᠦᠬᠡ︾ ᠶᠢᠨ ᠠᠰᠢᠭ ᠲᠤᠰᠠ ᠶᠢᠨ ᠬᠤᠯᠪᠣᠭᠠᠲᠤ ᠲᠣᠭᠲᠠᠴᠠ ᠶᠢ ᠴᠢᠩᠭᠠᠳᠬᠠᠬᠤ ᠪᠠᠷ | ᠳᠠᠮᠵᠢᠭᠤᠯᠤᠨ ᠠᠵᠤ ᠠᠬᠤᠶᠢᠯᠠᠯ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠠᠯᠴᠢᠳ ᠤᠨ | ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠬᠦᠷᠢᠶᠡᠯᠡᠩ ᠳᠤ ᠴᠠᠬᠢᠯᠭᠠᠨ ᠨᠡᠪᠲᠡᠷᠡᠭᠦᠯᠬᠦ᠂ | ᠤᠰᠤ ᠬᠠᠩᠭᠠᠬᠤ᠂ ᠤᠰᠤ ᠵᠠᠯᠠᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠤᠭᠤᠴᠠᠭ᠎ᠠ | ᠲᠣᠭᠲᠠᠭᠠᠨ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠦᠢᠯᠡᠳᠪᠦᠷᠢᠯᠡᠯ ᠤᠨ ᠠᠵᠤ ᠠᠬᠤᠶᠢᠯᠠᠯ ᠨᠢ ᠠᠶᠦᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠩᠭᠢᠯᠠᠭ᠎ᠠ ᠶᠢᠨ | ᠠᠵᠢᠯ ᠤᠨ ᠪᠠᠶᠢᠷᠢ ᠳᠠᠬᠢ ᠠᠵᠢᠯᠲᠠᠨ ᠤ ᠪᠣᠯᠪᠠᠰᠤᠷᠠᠯ ᠤᠨ ᠬᠢᠨᠠᠨ ᠰᠢᠯᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ | ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |